ᠨᠡᠪᠲᠡᠷᠡᠨ ᠤᠷᠤᠬᠤ
ᠪᠠᠭ᠎ᠠ ᠰᠤᠷᠭᠠᠭᠤᠯᠢ ᠶᠢᠨ ᠡᠡᠩᠭ᠍ᠯᠢ ᠭᠡᠯᠡᠨ ᠤ ᠭᠢᠴᠢᠶᠡᠯᠡᠯᠭᠡ ᠪᠠᠨ ᠭᠡᠷᠭᠢᠨ ᠠᠮᠢᠵᠢᠷᠠᠯ ᠤᠨ ᠭᠦᠴᠤᠨ ᠪᠢᠯᠬᠠᠮ᠎ᠠ ᠪᠦᠭᠦᠢ ᠭᠢᠴᠢᠶᠡᠯᠡᠯᠭᠡ ᠪᠣᠯᠭᠠᠨ ᠬᠤᠪᠢᠷᠠᠭᠤᠯᠬᠤ ᠪᠣᠢ

ᠰᠢᠨ᠎ᠡ ᠭᠢᠴᠢᠶᠡᠯᠡᠯᠭᠡ ᠶᠢᠨ ᠥᠭᠡᠷᠡᠴᠢᠯᠡᠯᠳᠡ ᠪᠦᠭᠦ ᠳᠠᠯ᠎ᠠ ᠪᠠᠷ ᠶᠠᠪᠣᠭᠳᠠᠭᠰᠠᠨ ᠦᠨᠦᠳᠤᠷ᠂ ᠭᠢᠴᠢᠶᠡᠯᠡᠯᠭᠡ ᠶᠢᠨ ᠥᠭᠡᠷᠡᠴᠢᠯᠡᠯᠳᠡ ᠨᠢ ᠪᠠᠭᠰᠢ᠂ ᠰᠤᠷᠤᠭᠴᠢ᠂ ᠭᠢᠴᠢᠶᠡᠯᠡᠯᠭᠡ ᠳᠤ ᠪᠦᠭᠦ ᠳᠠᠯ᠎ᠠ ᠪᠠᠷ ᠱᠠᠭᠠᠷᠳᠠᠯᠭ᠎ᠠ ᠳᠠᠯᠪᠢᠭᠰᠠᠨ ᠶᠤᠮ᠃ ᠳᠡᠭᠡᠪᠠᠯ ᠭᠡᠷᠭᠢᠨ ᠪᠠᠭ᠎ᠠ ᠰᠤᠷᠭᠠᠭᠤᠯᠢ ᠶᠢᠨ ᠡᠡᠩᠭ᠍ᠯᠢ ᠭᠡᠯᠡᠨ ᠤ ᠭᠢᠴᠢᠶᠡᠯᠡᠯᠭᠡ ᠪᠠᠨ ᠠᠮᠢᠵᠢᠷᠠᠯ ᠤᠨ ᠭᠦᠴᠤᠨ ᠪᠢᠯᠬᠠᠮ᠎ᠠ ᠪᠦᠭᠦᠢ ᠭᠢᠴᠢᠶᠡᠯᠡᠯᠭᠡ ᠪᠣᠯᠭᠠᠨ ᠬᠤᠪᠢᠷᠠᠭᠤᠯᠬᠤ ᠪᠣᠢ ︖

ᠨᠢᠭᠡ᠂ ᠠᠵᠢᠯ ᠶᠢᠡᠨ ᠬᠠᠢ᠌ᠷᠠᠯᠠᠨ᠂ ᠠᠵᠢᠯ ᠳᠤ ᠪᠠᠨ ᠦᠨᠡᠠᠴᠢ ᠪᠠᠷ ᠬᠠᠠᠳᠤᠬᠤ

ᠣᠯᠤᠰ ᠡᠴᠠ ᠪᠠᠭᠰᠢ ᠪᠣᠯᠤᠭᠰᠠᠤᠨ ᠵᠠᠪᠠᠯ ᠠᠵᠢᠯ ᠳᠤ ᠪᠠᠨ ᠦᠨᠡᠠᠴᠢ ᠪᠠᠷ ᠬᠠᠠᠳᠤᠬᠤ ᠭᠡᠷᠡᠭ᠍ᠳᠡᠢ ᠭᠡᠵᠤ ᠱᠠᠭᠠᠷᠳᠠᠭᠰᠠᠨ᠃ ᠣᠳᠤ ᠶᠢᠨ ᠨᠡᠢ᠌ᠭᠡᠮ ᠤᠨ ᠬᠤᠪᠢᠷᠠᠯᠳᠠ ᠭᠦᠮᠤᠨ ᠢ ᠰᠤᠴᠢᠭᠠᠮ᠎ᠠ ᠬᠤᠷᠳᠤᠨ᠂ ᠡᠨᠡᠭᠦ ᠬᠤᠪᠢᠷᠠᠯᠳᠠ ᠶᠢᠨ ᠶᠠᠪᠣᠴᠠ ᠳᠤ ᠵᠠᠷᠢᠮ ᠪᠠᠭᠰᠢᠨᠠᠷ ᠤᠨ ᠶ‍ᠢᠷᠳᠢᠠᠴᠤ ᠶᠢᠨ ᠦᠵᠡᠯᠳᠠ ᠠᠮᠢᠳᠤᠷᠠᠬᠤᠢ ᠶᠢᠨ ᠦᠵᠡᠯᠳᠠ ᠦᠨ᠎ᠡ ᠦᠷᠳᠡᠭ᠌ ᠤᠨ ᠦᠵᠡᠯᠳᠠ ᠨᠢ ᠬᠤᠪᠢᠷᠠᠯᠳᠠ ᠭᠠᠷᠴᠤ ᠶᠠᠭᠤ ᠪᠦᠭᠦᠨ ᠢ ᠵᠤᠭᠤᠰ ᠮᠦᠩᠭᠦ ᠪᠠᠷ ᠪᠠᠷᠢᠮᠵᠢᠶᠠᠯᠠᠳᠠᠭ᠃ ᠳᠠᠢ᠌ᠮᠤ ᠡᠴᠠ ᠪᠠᠭᠰᠢ ᠪᠣᠯᠤᠭᠰᠠᠤᠨ ᠴᠠᠭ ᠢᠮᠠᠭᠳᠠ ᠪᠠᠶ᠎ᠠ ᠪᠠᠨ ᠴᠢᠩᠭ᠎ᠠ ᠱᠠᠭᠠᠷᠳᠠᠨ ᠠᠵᠢᠯ ᠤᠨ ᠮᠦᠨ ᠴᠢᠨᠠᠷ ᠶᠢᠡᠨ ᠵᠦᠪ ᠶᠢᠡᠷ ᠳᠠᠨᠢᠵᠤ ᠠᠵᠢᠯ ᠶᠢᠡᠨ ᠬᠠᠢ᠌ᠷᠠᠯᠠᠨ ᠠᠵᠢᠯ ᠳᠤ ᠪᠠᠨ ᠦᠨᠡᠠᠴᠢ ᠪᠠᠷ ᠬᠠᠠᠳᠤᠨ᠎ᠠ᠃

ᠬᠤᠶᠠᠷ᠂ ᠪᠠᠭᠰᠢ ᠰᠤᠷᠤᠭᠴᠢ ᠶᠢᠨ ᠬᠠᠷᠢᠴᠠᠭ᠎ᠠ

ᠡᠷᠳᠡᠨ ᠡᠴᠠ ᠡᠳᠦᠭᠡ ᠪᠣᠯᠳᠠᠯ᠎ᠠ ᠪᠠᠭᠰᠢ ᠰᠤᠷᠤᠭᠴᠢ ᠶᠢᠨ ᠬᠠᠷᠢᠴᠠᠭ᠎ᠠ ᠶᠢᠨ ᠭᠡᠯᠪᠠᠷᠢ ᠨᠢ ᠪᠠᠭᠰᠢ ᠡᠷᠭᠢᠮ ᠰᠤᠷᠤᠭᠴᠢ ᠡᠭᠡᠯ᠃ ᠰᠢᠨ᠎ᠡ ᠭᠢᠴᠢᠶᠡᠯᠡᠯᠭᠡ ᠶᠢᠨ ᠥᠭᠡᠷᠡᠴᠢᠯᠡᠯᠳᠡ ᠬᠠᠮᠤᠭ ᠳᠡᠷᠢᠭᠦᠨ ᠳᠤ ᠪᠠᠭᠰᠢ ᠰᠤᠷᠤᠭᠴᠢ ᠶᠢᠨ ᠬᠠᠷᠢᠴᠠᠭ᠎ᠠ ᠪᠠᠨ ᠬᠠᠯᠠᠨ ᠰᠠᠢ᠌ᠵᠢᠷᠠᠭᠤᠯᠬᠤ ᠭᠡᠷᠡᠭ᠍ᠳᠡᠢ ᠭᠡᠮᠡᠨ ᠳᠤᠷᠠᠳᠤᠨ ᠭᠠᠷᠭᠠᠭᠰᠠᠨ᠃ ᠳᠠᠢ᠌ᠮᠤ ᠡᠴᠠ ᠪᠠᠭᠰᠢ ᠪᠣᠯᠤᠭᠰᠠᠤᠨ ᠭᠢᠴᠢᠶᠡᠯᠡᠯᠭᠡ ᠳᠤᠮᠳᠠᠭᠢ ᠪᠠᠭᠰᠢ ᠰᠤᠷᠤᠭᠴᠢ ᠶᠢᠨ ᠬᠠᠷᠢᠴᠠᠭ᠎ᠠ ᠪᠠᠨ ᠡᠷᠭᠢᠴᠡᠭᠦᠯᠵᠤ ᠪᠠᠭᠰᠢ ᠡᠷᠭᠢᠮ ᠰᠤᠷᠤᠭᠴᠢ ᠡᠭᠡᠯ ᠭᠡᠭᠦ ᠦᠵᠡᠯᠳᠠ ᠪᠠᠨ ᠳᠠᠶᠠᠭᠳᠠᠨ ᠰᠤᠷᠤᠭᠴᠢ ᠶᠢ ᠬᠠᠢ᠌ᠷᠠᠯᠠᠨ ᠰᠤᠷᠤᠭᠴᠢ ᠶᠢ ᠭᠦᠡᠳᠦᠳᠭᠡᠵᠤ ᠰᠤᠷᠤᠭᠴᠢ ᠶᠢ ᠢᠳᠡᠭᠡᠨ ᠰᠤᠷᠤᠭᠴᠢ ᠶᠢ ᠵᠤᠷᠢᠭᠵᠢᠭᠤᠯᠵᠤ᠂ ᠴᠠᠭ ᠢᠮᠠᠭᠳᠠ ᠰᠤᠷᠤᠭᠴᠢ ᠶᠢᠨ ᠪᠣᠳᠠᠳᠤ ᠪᠠᠢ᠌ᠳᠠᠯ ᠡᠴᠠ ᠡᠭᠦᠰᠴᠤ ᠰᠡᠳᠭᠢᠯ ᠰᠠᠨᠠᠭ᠎ᠠ ᠪᠠᠨ ᠰᠤᠯᠢᠯᠴᠠᠨ᠂ ᠪᠠᠭᠰᠢ ᠶᠢᠨ ᠪᠠᠢ᠌ᠷᠢ ᠰᠠᠭᠤᠷᠢ ᠡᠴᠠ ᠰᠡᠳᠭᠢᠯ ᠤᠨ ᠨᠠᠢ᠌ᠵᠠ ᠶᠢᠨ ᠪᠠᠢ᠌ᠷᠢ ᠰᠠᠭᠤᠷᠢ ᠳᠤ ᠰᠢᠯᠵᠢᠨ ᠡᠷᠭᠡ ᠳᠡᠭ᠍ᠰᠢ ᠡᠪ ᠨᠠᠢ᠌ᠷᠠᠮᠳᠠᠭᠤ ᠪᠠᠭᠰᠢ ᠰᠤᠷᠤᠭᠴᠢ ᠶᠢᠨ ᠬᠠᠷᠢᠴᠠᠭ᠎ᠠ ᠶᠢ ᠪᠣᠢ ᠪᠣᠯᠭᠠᠬᠤ ᠨᠢ ᠠᠯᠢᠪᠠ ᠵᠭᠠᠨ ᠰᠤᠷᠭᠠᠯᠳᠠ ᠶᠢᠨ ᠠᠵᠢᠯ ᠤᠨ ᠣᠷᠢᠳᠠᠯ ᠨᠥᠭᠦᠴᠡᠯ ᠮᠦᠨ᠃

ᠭᠤᠷᠪᠠ᠂ ᠰᠤᠷᠤᠭᠴᠢ ᠶᠢ ᠴᠢᠯᠦᠭᠡᠯᠡᠵᠤ ᠭᠢᠴᠢᠶᠡᠯᠡᠯᠭᠡ ᠶᠢ ᠰᠤᠷᠤᠭᠴᠢ ᠳᠤ ᠪᠣᠴᠠᠭᠠᠬᠤ

ᠭᠡᠪᠰᠢᠮᠡᠯ ᠵᠢᠭᠠᠨ ᠰᠤᠷᠭᠠᠯᠳᠠ ᠶᠢᠨ ᠭᠡᠯᠪᠠᠷᠢ ᠨᠢ ᠰᠤᠷᠤᠭᠴᠢ ᠰᠤᠨᠤᠰᠴᠤ ᠪᠠᠭᠰᠢ ᠶᠠᠷᠢᠨ ᠭᠢᠴᠢᠶᠡᠯᠡᠯᠭᠡ ᠵᠥᠪᠭᠡᠨ ᠪᠠᠭᠰᠢ ᠡᠵᠡᠮᠳᠡᠵᠤ ᠪᠠᠢ᠌ᠬᠤ ᠡᠴᠠ ᠭᠢᠴᠢᠶᠡᠯᠯᠡᠭᠡ ᠶᠢᠨ ᠡᠷ᠎ᠡ ᠠᠰᠢᠭ ᠪᠠ ᠰᠤᠷᠤᠭᠴᠢ ᠶᠢᠨ ᠪᠦᠭᠦ ᠳᠠᠯ᠎ᠠ ᠶᠢᠨ ᠭᠦᠭ᠍ᠵᠢᠯᠳᠡ ᠶᠢ ᠭᠦᠡᠳᠤ ᠨᠤᠴᠢᠳᠠᠢ ᠬᠠᠷᠰᠢᠯᠠᠵᠤ ᠪᠠᠢ᠌ᠳᠠᠭ᠃ ᠳᠠᠢ᠌ᠮᠤ ᠡᠴᠠ ᠪᠠᠭᠰᠢ ᠪᠣᠯᠤᠭᠰᠠᠤᠨ ᠦᠵᠡᠯ ᠰᠠᠨᠠᠭ᠎ᠠ ᠪᠠᠨ ᠴᠢᠯᠦᠭᠡᠯᠡᠵᠤ ᠣᠵᠤᠭᠤᠷ ᠤᠨ ᠵᠢᠭᠠᠨ ᠰᠤᠷᠭᠠᠯᠳᠠ ᠶᠢᠨ ᠠᠷᠭ᠎ᠠ ᠭᠡᠯᠪᠠᠷᠢ ᠪᠠᠨ ᠳᠠᠶᠠᠭᠳᠠᠨ ᠦᠨᠡᠩᠬᠦ ᠰᠤᠷᠤᠭᠴᠢ ᠶᠢ ᠴᠢᠯᠦᠭᠡᠯᠡᠨ ᠰᠤᠷᠤᠭᠴᠢ ᠶᠢᠨ ᠭᠤᠤᠯ ᠴᠤᠭᠴᠠᠳᠤ ᠪᠠᠢ᠌ᠷᠢ ᠰᠠᠭᠤᠷᠢ ᠶᠢ ᠴᠢᠬᠤᠯᠠᠴᠢᠯᠠᠨ ᠪᠦᠭᠦᠢᠯᠡ ᠭᠢᠴᠢᠶᠡᠯᠡᠯᠭᠡ ᠶᠢᠨ ᠶᠠᠪᠣᠴᠠ ᠳᠤ ᠰᠤᠷᠤᠭᠴᠢ ᠶᠢ ᠣᠷᠤᠯᠴᠠᠭᠤᠯᠵᠤ ᠣᠷᠮᠠᠰᠢᠯ ᠢ ᠥᠡᠳᠦᠷᠵᠢᠭᠦᠯᠵᠤ ᠭᠢᠴᠢᠶᠡᠯᠡᠯᠭᠡ ᠶᠢ ᠦᠨᠡᠩᠬᠦ ᠰᠤᠷᠤᠭᠴᠢ ᠳᠤ ᠪᠣᠴᠠᠭᠠᠨ᠎ᠠ᠃

ᠳᠦᠷᠪᠠ᠂ ᠪᠠᠭᠰᠢ ᠰᠤᠷᠤᠭᠴᠢ ᠶᠢᠨ ᠭᠢᠴᠢᠶᠡᠯᠡᠯᠭᠡ ᠶᠢᠨ ᠳᠤᠮᠳᠠᠭᠢ ᠪᠠᠢ᠌ᠷᠢ ᠰᠠᠭᠤᠷᠢ ᠶᠢᠨ ᠰᠤᠯᠢᠯᠳᠠ

ᠭᠡᠪ ᠴᠢᠨᠠᠷ ᠤᠨ ᠰᠤᠷᠭᠠᠨ ᠭᠦᠮᠦᠵᠢᠯ ᠤᠨ ᠪᠠᠭᠰᠢ ᠰᠤᠷᠤᠭᠴᠢ ᠶᠢᠨ ᠪᠠᠢ᠌ᠷᠢ ᠰᠠᠭᠤᠷᠢ ᠪᠣᠯ ᠪᠠᠭᠰᠢ ᠭᠤᠤᠯ ᠰᠤᠷᠤᠭᠴᠢ ᠳᠠᠳ᠋᠂ ᠪᠠᠭᠰᠢ ᠵᠥᠪᠭᠡᠨ ᠮᠡᠳᠡᠯᠭᠡ ᠣᠯᠠᠮᠵᠢᠯᠠᠬᠤ ᠡᠭᠦᠷᠭᠡ ᠪᠠᠨ ᠭᠦᠢᠴᠡᠳᠭᠡᠭᠦ ᠶᠢ ᠴᠢᠬᠤᠯᠠᠴᠢᠯᠠᠭᠰᠠᠨ ᠡᠴᠠ ᠪᠢᠰᠢ ᠰᠤᠷᠤᠭᠴᠢ ᠶᠢᠨ ᠪᠦᠭᠦ ᠳᠠᠯ᠎ᠠ ᠶᠢᠨ ᠭᠦᠭ᠍ᠵᠢᠯᠳᠡ ᠶᠢ ᠠᠭᠢᠭᠤᠯᠬᠤ ᠶᠢ ᠠᠩᠬᠠᠷᠤᠭᠰᠠᠨ ᠦᠭᠡᠶ᠃ ᠡᠨᠡᠭᠦ ᠠᠰᠠᠭᠤᠳᠠᠯ ᠨᠢ ᠭᠢᠴᠢᠶᠡᠯᠡᠯᠭᠡ ᠶᠢᠨ ᠥᠭᠡᠷᠡᠴᠢᠯᠡᠯᠳᠡ ᠶᠢᠨ ᠠᠯᠬᠤᠮ ᠢ ᠬᠠᠷᠰᠢᠯᠠᠵᠤ ᠪᠠᠢ᠌ᠭ᠎ᠠ ᠬᠠᠮᠤᠭ ᠶᠡᠭᠡ ᠠᠰᠠᠭᠤᠳᠠᠯ ᠪᠣᠯᠤᠨ᠎ᠠ᠃ ᠳᠠᠢ᠌ᠮᠤ ᠡᠴᠠ ᠪᠠᠭᠰᠢ ᠪᠣᠯᠤᠭᠰᠠᠤᠨ ᠦᠪᠡᠷ ᠤᠨ ᠪᠠᠢ᠌ᠷᠢ ᠰᠠᠭᠤᠷᠢ ᠪᠠᠨ ᠵᠤᠷᠢᠭᠳᠠᠢ ᠬᠠᠯᠠᠨ ᠰᠤᠯᠢᠬᠤ ᠭᠡᠷᠡᠭ᠍ᠳᠡᠢ᠃ ᠭᠢᠴᠢᠶᠡᠯᠡᠯᠭᠡ ᠶᠢᠨ ᠳᠤᠮᠳᠠ ᠰᠤᠷᠤᠭᠴᠢ ᠶᠢ ᠦᠨᠡᠨ ᠰᠡᠳᠬᠢᠯᠭᠡ ᠡᠴᠠ ᠪᠠᠨ ᠢᠳᠡᠭᠡᠨ ᠵᠤᠷᠢᠭᠵᠢᠭᠤᠯᠵᠤ᠂ ᠥᠢᠯᠡᠳᠦᠯᠭᠡ ᠳᠤ ᠢᠳᠠᠪᠭᠢᠳᠠᠢ ᠣᠷᠤᠯᠴᠠᠭᠤᠯᠤᠨ᠂ ᠪᠠᠭᠰᠢ ᠶᠢᠨ 《ᠵᠢᠭᠠᠬᠤ》 ᠪᠠᠢ᠌ᠷᠢ ᠰᠠᠭᠤᠷᠢ ᠡᠴᠠ 《ᠵᠢᠯᠤᠭᠤᠳᠬᠤ》 ᠪᠠᠢ᠌ᠷᠢ ᠰᠠᠭᠤᠷᠢ ᠳᠤ ᠰᠢᠯᠵᠢᠨ᠂ ᠰᠤᠷᠤᠭᠴᠢ ᠶᠢᠨ ᠨᠢᠭᠡᠨᠲᠡ ᠡᠵᠡᠮᠰᠢᠭ᠍ᠰᠡᠨ ᠮᠡᠳᠡᠯᠭᠡ ᠪᠠᠨ ᠠᠰᠢᠭᠯᠠᠨ ᠰᠢᠨ᠎ᠡ ᠮᠡᠳᠡᠯᠭᠡ ᠶᠢ ᠡᠵᠡᠮᠰᠢᠭᠦᠯᠭᠦ ᠶᠢ ᠵᠤᠷᠢᠵᠤ ᠭᠢᠵᠤ᠂ ᠡᠨᠡᠭᠦ ᠶᠠᠪᠣᠴᠠ ᠳᠤ ᠳᠤᠯᠭᠠᠷᠠᠭᠰᠠᠨ ᠮᠠᠳᠠᠭ ᠲᠡᠶ ᠠᠰᠠᠭᠤᠳᠠᠯ ᠢ ᠰᠤᠷᠤᠭᠴᠢ ᠶᠢ ᠬᠠᠪᠰᠤᠷᠤᠨ ᠵᠢᠯᠤᠭᠤᠳᠴᠤ᠂ ᠵᠠᠮᠴᠢᠯᠠᠭᠴᠢ᠂ ᠬᠠᠪᠰᠤᠷᠤᠭᠴᠢ ᠶᠢᠨ ᠣᠢ᠌ᠯᠠᠳᠤᠯ ᠶᠢᠡᠨ ᠭᠦᠢᠴᠡᠳ ᠪᠠᠳᠠᠷᠠᠭᠤᠯᠵᠤ ᠭᠤᠤᠯ ᠡᠴᠠ ᠳᠠᠳ᠋ ᠵᠥᠭ᠌ ᠰᠢᠯᠵᠢᠭᠦ ᠳᠦᠷᠢ ᠶᠢᠨ ᠬᠤᠪᠢᠷᠠᠯᠳᠠ ᠪᠠᠨ ᠠᠮᠵᠢᠯᠳᠠ ᠳᠠᠢ ᠪᠠᠶᠡᠯᠡᠭᠦᠯᠤᠨ᠎ᠡ᠃

ᠳᠠᠪᠣ᠂ ᠰᠤᠷᠬᠤ ᠠᠷᠭ᠎ᠠ ᠶᠢ ᠵᠢᠭᠠᠬᠤ᠃

ᠪᠠᠭ᠎ᠠ ᠰᠤᠷᠭᠠᠭᠤᠯᠢ ᠶᠢᠨ ᠡᠡᠩᠭ᠍ᠯᠢ ᠭᠡᠯᠡᠨ ᠤ ᠭᠢᠴᠢᠶᠡᠯᠡᠯᠭᠡ ᠨᠢ ᠪᠣᠰᠤᠳ ᠳᠦᠷᠤᠯ ᠡᠴᠠ ᠣᠠᠴᠤᠭᠤᠢ ᠰᠢᠠᠵᠢ ᠲᠡᠶ ᠪᠠᠢ᠌ᠳᠠᠭ᠃ ᠡᠨᠡ ᠨᠢ ᠵᠠᠷᠢᠮ ᠪᠠᠢ᠌ᠳᠠᠯ ᠳᠤᠤᠷ᠎ᠠ ᠪᠠᠭᠰᠢ ᠵᠠᠪᠠᠯ ᠵᠢᠭᠠᠬᠤ ᠶᠢ ᠱᠠᠭᠠᠷᠳᠠᠳᠠᠭ᠃ ᠳᠤᠬᠠᠢ᠌ᠯᠠᠪᠠᠯ ᠰᠤᠷᠬᠤ ᠠᠷᠭ᠎ᠠ ᠶᠢ ᠵᠢᠭᠠᠬᠤ᠃ ᠪᠠᠭᠰᠢ ᠡᠴᠠ ᠰᠤᠷᠤᠭᠴᠢ ᠶᠢᠨ ᠮᠡᠳᠡᠯᠭᠡ ᠶᠢᠨ ᠬᠤᠷᠠᠮᠳᠤᠭᠤᠯᠤᠯ ᠢ ᠠᠩᠬᠠᠷᠴᠤ᠂ ᠡᠭᠦᠨ ᠤ ᠰᠠᠭᠤᠷᠢᠨ ᠳᠤ ᠵᠢᠭᠠᠬᠤ ᠮᠠᠲ᠋ᠸᠷᠢᠶᠠᠯ ᠶᠢᠡᠨ ᠰᠤᠳᠤᠯᠵᠤ᠂ ᠠᠭᠤᠯᠭ᠎ᠠ ᠶᠢᠨ ᠬᠤᠷᠢᠶᠠᠩᠭ᠋ᠣᠢ᠌ᠯᠠᠯ ᠭᠢᠵᠤ᠂ ᠠᠳᠠᠯᠢ ᠠᠭᠤᠯᠭ᠎ᠠ ᠶᠢ ᠰᠤᠷᠤᠯᠴᠠᠬᠤ ᠳᠤᠬᠠᠢ ᠠᠷᠭ᠎ᠠ ᠳᠠᠮ ᠢ ᠵᠢᠭᠠᠵᠤ᠂ ᠰᠤᠷᠬᠤ ᠠᠷᠭ᠎ᠠ ᠶᠢ ᠡᠵᠡᠮᠰᠢᠭᠦᠯᠵᠤ ᠦᠪᠠᠰᠤᠪᠠᠨ ᠰᠤᠷᠬᠤ᠂ ᠡᠵᠡᠨ ᠮᠠᠳᠠᠵᠤ ᠰᠤᠷᠬᠤ᠂ ᠬᠤᠷᠰᠢᠨ ᠰᠤᠷᠤᠯᠴᠠᠬᠤ ᠴᠢᠳᠠᠪᠣᠷᠢ ᠶᠢ ᠨᠢ ᠭᠦᠮᠦᠵᠢᠭᠦᠯᠤᠨ᠎ᠡ᠃

ᠵᠢᠷᠭᠤᠭ᠎ᠠ᠂ ᠵᠢᠭᠠᠬᠤ ᠠᠷᠭ᠎ᠠ ᠪᠠᠨ ᠥᠭᠡᠷᠡᠴᠢᠯᠡᠭᠦ᠃

ᠣᠯᠠᠮᠵᠢᠯᠠᠯᠳᠤ ᠵᠢᠭᠠᠬᠤ ᠠᠷᠭ᠎ᠠ ᠨᠢ ᠰᠤᠷᠤᠭᠴᠢ ᠶᠢᠨ ᠪᠦᠭᠦ ᠳᠠᠯ᠎ᠠ ᠶᠢᠨ ᠭᠦᠭ᠍ᠵᠢᠯᠳᠡ ᠶᠢ ᠣᠯᠠᠨ ᠵᠢᠯ ᠶᠢᠡᠷ ᠭᠦᠯᠢᠶᠡᠰᠦᠯᠡᠭ᠍ᠰᠡᠨ᠃ ᠳᠠᠢ᠌ᠮᠤ ᠡᠴᠠ ᠨᠡᠭᠡᠭᠡᠯᠲᠡ ᠥᠭᠡᠷᠡᠴᠢᠯᠡᠯᠳᠡ ᠶᠢᠨ ᠡᠨᠡ ᠡᠷᠡᠨ ᠳᠤ ᠪᠠᠭᠰᠢ ᠪᠣᠯᠤᠭᠰᠠᠤᠨ ᠵᠠᠪᠠᠯ ᠭᠡᠪᠰᠢᠮᠡᠯ ᠵᠢᠭᠠᠬᠤ ᠠᠷᠭ᠎ᠠ ᠪᠠᠨ ᠳᠠᠶᠠᠭᠳᠠᠨ ᠰᠢᠨ᠎ᠡ ᠭᠡᠯᠪᠠᠷᠢ ᠶᠢᠨ ᠵᠢᠭᠠᠬᠤ ᠠᠷᠭ᠎ᠠ ᠮᠠᠶ‍ᠢᠭ ᠡᠴᠠ ᠰᠤᠷᠤᠯᠴᠠᠨ ᠭᠢᠴᠢᠶᠡᠯᠡᠯᠭᠡ ᠳᠤ ᠪᠠᠨ ᠰᠢᠮᠡᠳᠭᠡᠭᠦ ᠴᠢᠬᠤᠯᠠᠳᠠᠢ᠃

ᠳᠤᠯᠤᠭ᠎ᠠ᠂ ᠨᠠᠰᠤᠨ ᠳᠤᠷᠰᠢᠳᠠ ᠶᠢᠨ ᠰᠤᠷᠤᠯᠴᠠᠯᠭ᠎ᠠ ᠪᠠᠨ ᠴᠢᠩᠭ᠋ᠠᠳᠬᠠᠬᠤ᠃

ᠬᠤᠷᠢᠨ ᠨᠢᠭᠡᠳᠦᠭᠡᠷ ᠵᠠᠭᠤᠨ ᠪᠣᠯ ᠰᠤᠷᠤᠯᠴᠠᠯᠭ᠎ᠠ ᠶᠢᠨ ᠡᠷᠡᠨ᠂ ᠮᠠᠨ ᠤ ᠣᠯᠤᠰ ᠠᠯᠢ ᠭᠡᠵᠢᠶᠡᠨ ᠡᠴᠠ ᠮᠡᠳᠡᠯᠭᠡ ᠪᠠᠷ ᠣᠯᠤᠰ ᠶᠢᠡᠨ ᠭᠦᠴᠦᠷᠭᠡᠭ᠍ᠵᠢᠭᠦᠯᠭᠦ ᠶᠢ ᠳᠠᠨᠢᠵᠤ ᠣᠯᠤᠭᠰᠠᠨ ᠪᠦᠭᠡᠳ ᠮᠦᠨ ᠢᠩᠭᠢᠵᠤ ᠣᠷᠢᠶᠠᠯᠠᠭᠰᠠᠨ᠃ ᠪᠠᠭᠰᠢ ᠪᠣᠯᠤᠭᠰᠠᠤᠨ ᠭᠡᠷᠪᠡ ᠰᠤᠷᠤᠯᠴᠠᠬᠤ ᠦᠭᠡᠶ ᠪᠣᠯ ᠨᠡᠢ᠌ᠭᠡᠮ ᠡᠴᠠ ᠬᠤᠴᠤᠷᠤᠨ᠎ᠠ᠂ ᠳᠠᠢ᠌ᠮᠤ ᠡᠴᠠ ᠨᠡᠢ᠌ᠭᠡᠮ ᠡᠴᠠ ᠬᠤᠴᠤᠷᠬᠤ ᠦᠭᠡᠶ᠂ ᠰᠤᠷᠤᠭᠴᠢ ᠳᠤ ᠪᠠᠨ ᠣᠰᠤᠯᠳᠠᠬᠤ ᠦᠭᠡᠶ ᠶᠢᠨ ᠳᠤᠰᠠᠳᠠ ᠦᠪᠡᠷ ᠤᠨ ᠨᠠᠰᠤᠨ ᠳᠤᠷᠰᠢᠳᠠ ᠶᠢᠨ ᠰᠤᠷᠤᠯᠴᠠᠯᠭ᠎ᠠ ᠪᠠᠨ ᠴᠢᠩᠭ᠋ᠠᠳᠬᠠᠬᠤ ᠴᠢᠬᠤᠯᠠᠳᠠᠢ᠃

ᠪᠠᠭᠰᠢ ᠪᠣᠯ ᠨᠠᠷᠠᠨ ᠤ ᠳᠤᠤᠷᠠᠭᠢ ᠬᠠᠮᠤᠭ ᠡᠴᠠ ᠥᠩᠭᠡ ᠭᠡᠷᠡᠯᠳᠡᠢ ᠠᠵᠢᠯ ᠭᠡᠮᠡᠨ ᠣᠳᠤᠭᠢ ᠨᠡᠢ᠌ᠭᠡᠮ ᠡᠴᠠ ᠪᠠᠭᠰᠢ ᠶᠢᠨ ᠠᠵᠢᠯ ᠳᠤ ᠦᠭ‍ᠭᠦᠭ᠍ᠰᠡᠨ ᠬᠠᠮᠤᠭ ᠡᠴᠠ ᠳᠡᠭᠡᠳᠤ ᠦᠨᠡᠯᠠᠯᠳᠠ ᠮᠦᠨ᠃ ᠳᠠᠢ᠌ᠮᠤ ᠡᠴᠠ ᠠᠵᠢᠯ ᠶᠢᠡᠨ ᠬᠠᠢ᠌ᠷᠠᠯᠠᠨ ᠰᠤᠷᠤᠭᠴᠢ ᠪᠠᠨ ᠬᠠᠢ᠌ᠷᠠᠯᠠᠨ ᠰᠢᠨ᠎ᠡ ᠭᠢᠴᠢᠶᠡᠯᠡᠭᠡ ᠶᠢᠨ ᠥᠭᠡᠷᠡᠴᠢᠯᠡᠯᠳᠡ ᠳᠤ ᠢᠳᠠᠪᠭᠢᠳᠠᠢ ᠣᠷᠤᠯᠴᠠᠨ᠂ ᠭᠢᠴᠢᠶᠡᠯᠡᠯᠭᠡ ᠶᠢᠨ ᠥᠭᠡᠷᠡᠴᠢᠯᠡᠯᠳᠡ ᠶᠢ ᠵᠦᠪ ᠶᠢᠡᠷ ᠳᠠᠨᠢᠨ ᠮᠦᠷᠤᠨ ᠳᠤ ᠳᠠᠯᠪᠢᠭᠠᠰᠤᠳᠠᠢ ᠡᠭᠦᠷᠭᠡ ᠪᠠᠨ ᠭᠦᠡᠳᠦᠳᠭᠡᠨ ᠦᠨᠡᠩᠬᠦ ᠨᠢᠭᠡᠨ ᠭᠢᠷᠢ ᠳᠠᠩᠴᠠᠠᠰᠠᠨ ᠠᠷᠠᠤᠨ ᠤᠨ ᠪᠠᠭᠰᠢ ᠪᠣᠯᠬᠤ ᠪᠠᠷ ᠴᠢᠷᠮᠠᠢ᠌ᠶ᠎ᠠ ︕


ᠵᠤᠬᠢᠶᠠᠭᠴᠢ ᠶᠢᠨ ᠬᠠ‍‌ᠶᠢᠭ ᠄ ᠭᠢᠩᠭ᠋ᠠᠨ ᠠᠢ᠌ᠮᠠᠭ ᠤᠨ ᠣᠯᠠᠭᠠᠠᠬᠤᠳᠠ ᠶᠢᠨ ᠮᠤᠩᠭ᠋ᠤᠯ ᠪᠠᠭ᠎ᠠ ᠰᠤᠷᠭᠠᠭᠤᠯᠢ

ᠵᠤᠬᠢᠶᠠᠭᠴᠢ᠄ ᠸᠠᠩ ᠰᠠᠷᠠᠭᠤᠯ
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠪᠠᠭᠰᠢ ᠶᠢᠨ ᠬᠠᠨᠢ
ᠳᠠᠷᠤᠮ᠄ 11984
ᠴᠠᠭ᠄ 2013 ᠤᠨ ᠤ 05 ᠰᠠᠷ᠎ᠠ ᠶᠢᠨ 13
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ