ᠨᠡᠪᠲᠡᠷᠡᠨ ᠤᠷᠤᠬᠤ
ᠮᠤᠩᠭᠤᠯ ᠦᠰᠦᠭ ᠪᠢᠴᠢᠭ᠌ ᠤᠨ ᠰᠤᠷᠪᠤᠯᠵᠢ ᠬᠢᠭᠡᠳ ᠨᠢ᠋ᠮᠠᠨ ᠬᠤᠰᠢᠭᠤ

[ᠠᠭᠤᠯᠭ᠎ᠠ ᠶᠢᠨ ᠲᠤᠪᠴᠢ]

ᠳᠡᠯᠡᠭᠡᠢ ᠳᠤ ᠭᠠᠭᠴᠠᠬᠠᠨ ᠪᠣᠰᠤᠭ᠎ᠠ ᠥᠢᠭᠤᠷᠵᠢᠨ ᠮᠤᠩᠭ᠋ᠤᠯ ᠥᠰᠦᠭ᠌ ᠪᠢᠴᠢᠭ᠌ ᠮᠢᠨᠢ ᠨᠠᠢ᠌ᠳᠠ ᠮᠤᠩᠭ᠋ᠤᠯ ᠶᠢᠡᠨ ᠰᠤᠶᠤᠯᠵᠢᠭᠤᠯᠵᠤ᠂ ᠪᠦᠯᠭᠦᠮᠳᠡᠭᠦᠯᠵᠤ᠂ ᠭᠦᠴᠦᠷᠭᠡᠭ᠍ᠵᠢᠭᠦᠯᠦᠭ᠍ᠰᠡᠭᠡᠷ ᠨᠢᠭᠡᠨᠲᠡ ᠮᠢᠩᠭ᠋ᠠᠭᠠᠤᠨ ᠡᠤᠨ ᠤ ᠰᠠᠯᠭᠢᠨ ᠪᠣᠷᠤᠭᠠᠨ ᠢ ᠥᠩᠭᠡᠷᠡᠭᠡᠴᠢᠭᠡᠯ᠎ᠡ᠃ ᠮᠤᠩᠭ᠋ᠤᠯᠴᠢ ᠡᠷᠳᠡᠮᠳᠡᠳ ᠤᠨ ᠥᠡᠳᠦᠷ ᠥᠨᠡᠯᠡᠯ ᠢ ᠤᠯᠵᠤ ᠪᠠᠢ᠌ᠭ᠎ᠠ ᠳᠡᠯᠡᠭᠡᠢ ᠶᠢᠨ ᠳᠠᠪᠰᠢᠩᠭ᠋ᠤᠢ ᠥᠰᠦᠭ᠌ ᠪᠣᠯᠤᠭᠰᠠᠨ ᠡᠨᠡᠭᠦ ᠥᠰᠦᠭ᠌ ᠪᠢᠴᠢᠭ᠌ ᠮᠠᠨᠢ ᠭᠡᠵᠢᠶ᠎ᠡ ᠬᠠᠮᠢᠭ᠎ᠠ ᠡᠴᠡ ᠡᠭᠦᠰᠤᠨ ᠳᠡᠯᠭᠡᠷᠡᠵᠤ ᠢᠷᠠᠪᠠ︖ ᠨᠢ᠋ᠮᠠᠨ ᠠᠢ᠌ᠮᠠᠭ ᠪᠣᠯᠤᠨ ᠨᠢ᠋ᠮᠠᠨ ᠬᠤᠰᠢᠭᠤ ᠨᠢ ᠶᠠᠮᠠᠷ ᠬᠠᠷᠢᠴᠠᠭ᠎ᠠ ᠲᠡᠶ ᠪᠣᠢ︖ ᠨᠢ᠋ᠮᠠᠨ ᠬᠤᠰᠢᠭᠤ ᠪᠣᠯᠤᠨ ᠥᠢᠭᠤᠷᠵᠢᠨ ᠮᠤᠩᠭ᠋ᠤᠯ ᠥᠰᠦᠭ᠌ ᠨᠢ ᠶᠠᠮᠠᠷ ᠬᠤᠯᠪᠣᠭ᠎ᠠ ᠲᠡᠶ ᠪᠣᠢ︖ ᠡᠳᠡᠭᠡᠷ ᠠᠰᠠᠭᠤᠯᠳᠠ ᠶᠢ ᠪᠢ ᠳᠤᠰ ᠥᠭᠦᠯᠡᠯ ᠳᠤ ᠪᠠᠨ ᠤᠯᠡᠨ ᠳᠠᠯ᠎ᠠ ᠶᠢᠨ ᠭᠡᠷᠡᠴᠢ ᠪᠠᠷᠢᠮᠳᠠ ᠪᠠᠷ ᠭᠡᠷᠡᠴᠢᠯᠡᠨ ᠨᠤᠳᠠᠯᠠᠭᠰᠠᠨ ᠪᠠᠢ᠌ᠨ᠎ᠠ᠃

ᠨᠢᠭᠡ ᠳᠤ᠂ ᠥᠢᠭᠤᠷᠵᠢᠨ ᠮᠤᠩᠭ᠋ᠤᠯ ᠥᠰᠦᠭ᠌ ᠪᠣᠯ ᠠᠷᠪᠠᠳᠤᠭᠠᠷ ᠵᠠᠭᠤᠨ ᠤ ᠥᠶ᠎ᠡ ᠪᠠᠷ ᠡᠷᠳᠡᠨ ᠤ ᠨᠢ᠋ᠮᠠᠨ ᠠᠢ᠌ᠮᠠᠭ ᠡᠴᠡ ᠡᠭᠦᠰᠤᠨ ᠳᠡᠯᠭᠡᠷᠡᠵᠤ᠂ ᠴᠢᠩᠭᠢᠰ ᠬᠠᠭᠠᠨ ᠨᠢ᠋ᠮᠠᠨ ᠠᠢ᠌ᠮᠠᠭ ᠢ ᠳᠠᠢ᠌ᠯᠠᠨ ᠳᠠᠭᠠᠭᠤᠯᠵᠤ ᠨᠠᠢ᠌ᠳᠠ ᠮᠤᠩᠭ᠋ᠤᠯ ᠠᠢ᠌ᠮᠠᠭ ᠢ ᠨᠢᠭᠡᠳᠭᠡᠭᠡᠤᠨ ᠨᠢ᠋ᠮᠠᠨ ᠠᠢ᠌ᠮᠠᠭ ᠤᠨ ᠳᠠᠳᠠᠳᠤᠩᠭ᠎ᠠ ᠪᠠᠷ ᠮᠤᠩᠭ᠋ᠤᠯ ᠸᠠᠩ ᠵᠢᠴᠢ ᠳᠠᠳᠠᠨᠤᠰ ᠤᠨ ᠥᠷ᠎ᠡ ᠭᠡᠦᠭᠡᠤᠨ ᠲᠤ ᠮᠤᠩᠭ᠋ᠤᠯ ᠥᠰᠦᠭ᠌ ᠪᠢᠴᠢᠭ᠌ ᠵᠢᠭᠠᠯᠭᠠᠭᠰᠠᠨ ᠡᠴᠡ ᠡᠭᠢᠯᠠᠨ᠂ ᠥᠢᠭᠤᠷᠵᠢᠨ ᠮᠤᠩᠭ᠋ᠤᠯ ᠥᠰᠦᠭ᠌ ᠮᠠᠨᠢ 《ᠤᠯᠦᠰ ᠤᠨ ᠭᠡᠯᠡ》 ᠪᠣᠯᠵᠤ᠂ ᠨᠠᠢ᠌ᠳᠠ ᠮᠤᠩᠭ᠋ᠤᠯ ᠳᠤ ᠳᠠᠷᠬᠠᠨ ᠳᠦᠭᠡᠮᠡᠯᠵᠢᠭ᠍ᠰᠡᠨ ᠪᠠᠢ᠌ᠨ᠎ᠠ︔

ᠬᠤᠶᠠᠷ ᠲᠤ᠂ ᠡᠷᠳᠡᠨ ᠤ ᠨᠢ᠋ᠮᠠᠨ ᠠᠢ᠌ᠮᠠᠭ ᠨᠢ ᠶ‍ᠸᠨᠢᠰᠠᠢ ᠮᠦᠷᠠᠨ ᠤ ᠡᠮᠦᠨ᠎ᠡ ᠰᠠᠯᠪᠣᠷᠢ ᠤᠷᠦᠰᠭᠠᠯ ᠤᠨ ᠰᠠᠪᠠ ᠭᠠᠵᠠᠷ ᠡᠴᠡ ᠮᠠᠠᠳᠤᠵᠤ᠂ 13 ᠳ᠋ᠤᠭᠠᠷ ᠵᠠᠭᠤᠨ ᠳᠤ ᠨᠠᠢ᠌ᠳᠠ ᠮᠤᠩᠭ᠋ᠤᠯ ᠳᠤ ᠨᠠᠢ᠌ᠯᠠᠨ᠂ ᠬᠤᠵᠢᠮ ᠨᠢ ᠭᠤᠤᠯ ᠨᠢᠭᠡ ᠰᠠᠯᠠᠭ᠎ᠠ ᠨᠢ ᠵᠡᠭᠦᠡᠰᠢ ᠨᠡᠭᠦᠳᠡᠯᠯᠡᠨ ᠰᠢᠯᠵᠢᠭ᠍ᠰᠡᠭᠡᠷ ᠠᠷᠪᠠᠨ ᠵᠢᠷᠭᠤᠳᠤᠭᠠᠷ ᠵᠠᠭᠤᠨ ᠤ ᠰᠡᠭᠦᠯᠴᠢ ᠠᠷᠪᠠᠨ ᠳᠤᠯᠤᠳᠤᠭᠠᠷ ᠵᠠᠭᠤᠨ ᠤ ᠡᠭᠢ ᠪᠠᠷ ᠤᠳᠤ ᠶᠢᠨ ᠡᠨᠠ ᠤᠷᠤᠨ ᠳᠤ ᠢᠷᠠᠵᠤ ᠰᠠᠭᠤᠷᠢᠰᠢᠭᠰᠠᠨ ᠪᠦᠭᠡᠤᠨ ᠮᠠᠠᠵᠤ ᠴᠢᠩ ᠳᠤ ᠡᠷᠭᠡᠰᠢᠶᠡᠭ᠍ᠳᠡᠨ ᠬᠤᠰᠢᠭᠤ ᠵᠠᠰᠠᠭ ᠤᠨ ᠳᠦᠷᠢᠮ ᠢ ᠭᠡᠷᠡᠭ᠍ᠵᠢᠭᠦᠯᠦᠭ᠍ᠰᠡᠨ ᠡᠴᠡ ᠰᠠ‍‌ᠶᠢ ᠨᠢ᠋ᠮᠠᠨ ᠬᠤᠰᠢᠭᠤ ᠭᠡᠵᠤ ᠳᠠᠭᠤᠳᠠᠭᠳᠠᠵᠤ ᠡᠭᠢᠯᠡᠭ᠍ᠰᠡᠨ ᠪᠠᠢ᠌ᠨ᠎ᠠ︔

ᠭᠤᠷᠪᠠ ᠳᠤ᠂ ᠮᠤᠩᠭ᠋ᠤᠯᠴᠤᠳ ᠪᠣᠯ ᠨᠡᠭᠦᠳᠡᠯᠴᠢᠨ ᠥᠡᠳᠦᠰᠦᠳᠡᠨ᠂ ᠨᠢ᠋ᠮᠠᠨ ᠠᠢ᠌ᠮᠠᠭ ᠨᠢ ᠶ‍ᠸᠨᠢᠰᠠᠢ ᠮᠦᠷᠠᠨ ᠤ ᠡᠮᠦᠨ᠎ᠡ ᠰᠠᠯᠪᠣᠷᠢ ᠤᠷᠦᠰᠭᠠᠯ ᠤᠨ ᠰᠠᠪᠠ ᠭᠠᠵᠠᠷ ᠡᠴᠡ ᠮᠠᠠᠳᠤᠵᠤ᠂ 13 ᠳ᠋ᠤᠭᠠᠷ ᠵᠠᠭᠤᠨ ᠳᠤ ᠨᠠᠢ᠌ᠳᠠ ᠮᠤᠩᠭ᠋ᠤᠯ ᠳᠤ ᠨᠠᠢ᠌ᠯᠠᠨ᠂ ᠳᠡᠭᠦᠨ ᠤ ᠨᠢᠭᠡ ᠭᠤᠤᠯ ᠰᠠᠯᠠᠭ᠎ᠠ ᠨᠢ ᠮᠢᠩᠭ᠋ᠠᠨ ᠡᠤᠨ ᠤᠯᠡᠷᠢᠨ ᠬᠤᠪᠢᠰᠴᠤ᠂ ᠲᠦᠮᠡᠨ ᠭᠠᠵᠠᠷ ᠨᠡᠭᠦᠳᠡᠯᠯᠡᠨ᠂ ᠡᠳᠦᠭᠡ ᠶᠢᠨ ᠡᠨᠡᠭᠦ ᠥᠩ ᠰᠢᠮᠡᠯᠢᠭ᠌ ᠨᠤᠳᠤᠭ ᠲᠤ ᠢᠷᠠᠵᠤ ᠰᠠᠭᠤᠷᠢᠰᠢᠭᠰᠠᠨ ᠪᠠᠢ᠌ᠨ᠎ᠠ᠃ ᠡᠢ᠌ᠮᠦ ᠡᠴᠡ ᠤᠳᠤ ᠶᠢᠨ ᠨᠢ᠋ᠮᠠᠨ ᠬᠤᠰᠢᠭᠤ ᠪᠣᠯ ᠮᠦᠨ ᠴᠤ ᠤᠤᠯ ᠤᠨ ᠨᠢ᠋ᠮᠠᠨ ᠠᠢ᠌ᠮᠠᠭ ᠤᠨ ᠨᠤᠳᠤᠭ ᠮᠦᠨ᠂ ᠨᠢ᠋ᠮᠠᠨ ᠠᠢ᠌ᠮᠠᠭ ᠡᠴᠡ ᠥᠢᠭᠤᠷᠵᠢᠨ ᠮᠤᠩᠭ᠋ᠤᠯ ᠥᠰᠦᠭ᠌ ᠡᠭᠦᠰᠤᠨ ᠳᠡᠯᠭᠡᠷᠡᠭ᠍ᠰᠡᠨ ᠪᠣᠯᠬᠤᠷ ᠨᠢ᠋ᠮᠠᠨ ᠬᠤᠰᠢᠭᠤ ᠪᠣᠯ ᠳᠠᠷᠤᠢ ᠨᠠᠢ᠌ᠳᠠ ᠮᠤᠩᠭ᠋ᠤᠯ ᠤᠨ ᠮᠢᠩᠭ᠋ᠠᠭᠠᠤᠨ ᠡᠤᠨ ᠭᠡᠷᠡᠭᠯᠡᠭ᠍ᠰᠡᠭᠡᠷ ᠢᠷᠡᠭ᠍ᠰᠡᠨ ᠥᠢᠭᠤᠷᠵᠢᠨ ᠮᠤᠩᠭ᠋ᠤᠯ ᠥᠰᠦᠭ᠌ ᠤᠨ ᠡᠭᠦᠰᠤᠨ ᠳᠡᠯᠭᠡᠷᠡᠭ᠍ᠰᠡᠨ ᠨᠤᠳᠤᠭ ᠮᠦᠨ᠃

ᠥᠢᠭᠤᠷᠵᠢᠨ ᠮᠤᠩᠭ᠋ᠤᠯ ᠥᠰᠦᠭ᠌ ᠪᠢᠴᠢᠭ᠌ ᠤᠨ ᠡᠭᠦᠰᠤᠨ ᠳᠡᠯᠭᠡᠷᠡᠭ᠍ᠰᠡᠨ ᠤᠷᠤᠨ ᠪᠣᠯᠤᠭᠰᠠᠨ ᠨᠢ᠋ᠮᠠᠨ ᠬᠤᠰᠢᠭᠤ ᠨᠢ ᠮᠤᠩᠭ᠋ᠤᠯ ᠥᠡᠳᠦᠰᠦᠳᠡᠨ ᠤ ᠥᠰᠦᠭ᠌ ᠪᠢᠴᠢᠭ᠌ ᠤᠨ ᠡᠭᠦᠰᠦᠯ ᠭᠦᠭ᠍ᠵᠢᠯ ᠢᠯᠠᠩᠭ᠋ᠤᠶ᠎ᠠ ᠮᠤᠩᠭ᠋ᠤᠯ ᠰᠤᠶᠤᠯ ᠭᠢᠭᠡᠤᠨ ᠳᠡᠯᠡᠭᠡᠢ ᠶᠢᠨ ᠰᠤᠶᠤᠯ ᠤᠨ ᠭᠦᠭ᠍ᠵᠢᠯᠳᠡ ᠳᠤ ᠯᠤᠳᠤ ᠶᠡᠭᠡ ᠥᠢᠯᠡᠳᠦᠯ ᠥᠵᠡᠭᠦᠯᠦᠭ᠍ᠰᠡᠭᠡᠷ ᠢᠷᠡᠭ᠍ᠰᠡᠨ ᠪᠦᠭᠡᠤᠨ ᠤᠳᠤ ᠴᠤ ᠮᠦᠨ ᠥᠯᠡᠮᠵᠢ ᠶᠡᠭᠡ ᠨᠠᠮᠠᠷᠢ ᠬᠠᠠᠳᠢᠪ ᠶᠢᠡᠨ ᠡᠷᠭᠦᠨ᠂ ᠥᠡᠳᠦᠰᠦᠳᠡᠨ ᠤ ᠰᠤᠶᠤᠯ ᠤᠨ ᠴᠢᠬᠤᠯᠠ ᠨᠢᠭᠡᠨ ᠭᠤᠯᠤᠮᠳᠠ ᠪᠣᠯᠤᠭᠰᠠᠭᠠᠷ ᠪᠠᠢ᠌ᠭ᠎ᠠ ᠶᠤᠮ᠃


ᠵᠤᠬᠢᠶᠠᠭᠴᠢ᠄ ᠪ᠊·ᠦᠨᠳᠦᠰᠦ
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠮᠤᠩᠭᠤᠯ ᠲᠡᠦᠬᠡ
ᠳᠠᠷᠤᠮ᠄ 7480
ᠴᠠᠭ᠄ 2010 ᠤᠨ ᠤ 03 ᠰᠠᠷ᠎ᠠ ᠶᠢᠨ 28
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ 1 ᠤᠷᠮᠠᠰᠢᠭᠤᠯᠤᠯ ᠠᠯᠳᠠᠭ᠎ᠠ ᠲᠠᠢ