ᠨᠡᠪᠲᠡᠷᠡᠨ ᠤᠷᠤᠬᠤ
ᠰᠤᠷᠤᠭᠴᠢ ᠶᠢᠨ ᠰᠤᠷᠤᠯᠴᠠᠬᠤ ᠠᠷᠭ᠎ᠠ ᠶᠢ ᠭᠡᠷᠭᠢᠨ ᠵᠢᠯᠤᠭᠤᠤᠠᠬᠤ ᠳᠤᠬᠠᠢ

ᠭᠡᠪ ᠴᠢᠨᠠᠷ ᠤᠨ ᠰᠤᠷᠭᠠᠨ ᠭᠦᠮᠦᠵᠢᠯ ᠢ ᠭᠢᠴᠢᠶᠠᠯ ᠤᠨ ᠳᠠᠩᠭᠢᠮ ᠤᠨ ᠵᠢᠭᠠᠨ ᠰᠤᠷᠭᠠᠯᠳᠠ ᠳᠤ ᠳᠤᠤᠱᠯᠠᠭᠤᠯᠵᠤ ᠵᠢᠭᠠᠨ ᠰᠤᠷᠭᠠᠬᠤ ᠶᠠᠰᠤ ᠴᠢᠨᠠᠷ ᠢ ᠳᠡᠭᠡᠭ᠍ᠰᠢᠯᠡᠭᠦᠯᠭᠦ ᠳᠤ ᠵᠠᠩᠭᠢᠯᠭ᠎ᠠ ᠶᠢᠨ ᠴᠢᠨᠠᠷᠳᠠᠢ ᠠᠰᠠᠭᠤᠳᠠᠯ ᠨᠢ ᠪᠠᠭᠰᠢ ᠶᠢᠨ ᠵᠢᠭᠠᠬᠤ ᠠᠷᠭ᠎ᠠ ᠶᠢ ᠯᠠ ᠦᠷᠦᠭᠡᠰᠦᠯ ᠶᠢᠡᠷ ᠰᠢᠯᠢᠳᠡᠭ᠍ᠵᠢᠭᠦᠯᠭᠦ ᠶᠠᠪᠣᠳᠠᠯ ᠪᠢᠰᠢ᠂ ᠬᠠᠷᠢᠨ ᠨᠠᠩ ᠴᠢᠬᠤᠯᠠ ᠨᠢ ᠵᠢᠭᠠᠬᠤ ᠠᠷᠭ᠎ᠠ ᠲᠡᠶ ᠨᠢᠭᠳᠠ ᠬᠤᠯᠪᠣᠭ᠎ᠠ ᠪᠦᠭᠦᠢ ᠰᠤᠷᠤᠭᠴᠢ ᠶᠢᠨ ᠰᠤᠷᠬᠤ ᠠᠷᠭ᠎ᠠ ᠶᠢᠨ ᠭᠦᠮᠦᠵᠢᠯ ᠢ ᠣᠷᠠᠯᠢᠭ ᠣᠨᠤᠪᠴᠢᠳᠠᠢ ᠭᠢᠭᠦ ᠳᠤ ᠪᠠᠢ᠌ᠳᠠᠭ᠃ ᠡᠢ᠌ᠮᠤ ᠡᠴᠠ ᠳᠤᠤᠷ᠎ᠠ ᠪᠢ ᠭᠢᠴᠢᠶᠠᠯ ᠤᠨ ᠳᠠᠩᠭᠢᠮ ᠤᠨ ᠵᠢᠭᠠᠨ ᠰᠤᠷᠭᠠᠯᠳᠠ ᠳᠤ ᠰᠤᠷᠤᠭᠴᠢ ᠶᠢᠨ ᠰᠤᠷᠬᠤ ᠠᠷᠭ᠎ᠠ ᠶᠢ ᠭᠡᠷᠭᠢᠨ ᠵᠢᠯᠤᠭᠤᠤᠠᠬᠤ ᠳᠤᠬᠠᠢ ᠦᠪᠡᠷ ᠤᠨ ᠦᠵᠡᠯᠳᠠ ᠪᠠᠨ ᠶᠠᠷᠢᠶ᠎ᠠ᠃

    ᠨᠢᠭᠡ᠂ ᠰᠤᠷᠬᠤ ᠪᠣᠯᠤᠨ ᠰᠡᠳᠭᠢᠭᠦ ᠶᠢ ᠣᠶᠠᠯᠳᠤᠭᠤᠯᠵᠤ ᠰᠤᠷᠬᠤ ᠠᠷᠭ᠎ᠠ ᠶᠢ ᠵᠢᠯᠤᠭᠤᠤᠠᠬᠤ᠃ ᠠᠯᠳᠠᠷᠳᠤ ᠰᠤᠷᠭᠠᠨ ᠭᠦᠮᠦᠵᠢᠯ ᠤᠨ ᠣᠬᠠᠭᠠᠠᠳᠠᠨ ᠺᠦᠩᠽᠢ ᠶᠢᠨ《ᠰᠤᠷᠤᠭᠠᠤᠨ ᠰᠡᠳᠭᠢᠭᠦ ᠦᠭᠡᠶ ᠪᠣᠯᠪᠠᠰᠤ ᠪᠠᠯᠠᠷᠬᠠᠢ ᠪᠣᠯᠠᠢ᠂ ᠰᠡᠳᠭᠢᠭᠡᠳ ᠰᠤᠷᠬᠤ ᠦᠭᠡᠶ ᠪᠣᠯᠪᠠᠰᠤ ᠳᠠᠯᠠᠭᠠᠷ ᠪᠤᠯᠦᠮᠦᠢ》 ᠭᠡᠳᠡᠭ᠌ ᠥᠭᠡᠨ ᠳᠤ ᠰᠤᠷᠬᠤ ᠶᠢᠨ ᠡᠷᠭᠢᠮ ᠠᠨᠤ ᠰᠡᠳᠭᠢᠭᠦ ᠳᠤ ᠪᠠᠢ᠌ᠵᠤ᠂ ᠰᠡᠳᠭᠢᠭᠦ ᠨᠢ ᠰᠤᠷᠬᠤ ᠶᠢ ᠠᠭᠢᠭᠤᠯᠵᠤ ᠴᠢᠳᠠᠨ᠎ᠠ ᠭᠡᠳᠡᠭ᠌ ᠢ ᠮᠠᠰᠢ ᠣᠨᠤᠪᠴᠢᠳᠠᠢ ᠬᠤᠷᠢᠶᠠᠩᠭ᠋ᠣᠢ᠌ᠯᠠᠨ ᠳᠤᠳᠤᠷᠬᠠᠢ᠌ᠯᠠᠭᠰᠠᠨ ᠪᠠᠢ᠌ᠳᠠᠭ᠃ ᠮᠠᠨ ᠤ ᠪᠠᠭᠰᠢ ᠪᠣᠯᠤᠭᠰᠠᠤᠨ ᠭᠢᠵᠠᠭᠠᠷ ᠲᠡᠶ ᠵᠢᠭᠠᠨ ᠰᠤᠷᠭᠠᠬᠤ ᠴᠠᠭ ᠤᠨ ᠵᠠᠢ ᠳᠤ ᠰᠤᠷᠤᠭᠴᠢ ᠶᠢᠨ ᠰᠤᠷᠤᠯᠴᠠᠯᠭ᠎ᠠ ᠶᠢᠨ ᠭᠢᠵᠠᠭᠠᠷ ᠦᠭᠡᠶ ᠰᠡᠳᠭᠢᠭᠦᠢ ᠳᠤ ᠬᠠᠮᠤᠭ ᠤᠨ ᠶᠡᠭᠡ ᠭᠡᠮᠵᠢᠶ᠎ᠡ ᠪᠠᠷ ᠰᠤᠷᠤᠭᠴᠢᠳ ᠤᠨ ᠢᠳᠠᠪᠭᠢ ᠴᠢᠨᠠᠷ᠂ ᠭᠦᠳᠡᠯᠦᠩᠭᠦᠢ ᠴᠢᠨᠠᠷ ᠪᠣᠯᠤᠨ ᠪᠦᠳᠦᠭᠡᠯᠴᠢ ᠴᠢᠨᠠᠷ ᠢ ᠨᠢ ᠪᠠᠳᠠᠷᠠᠭᠤᠯᠬᠤ ᠭᠡᠷᠡᠭ᠍ᠳᠡᠢ᠃ ᠰᠤᠷᠤᠭᠴᠢᠳ ᠪᠠᠭᠰᠢ ᠶᠢᠨ ᠡᠭᠦᠳᠦᠨ ᠨᠡᠭᠡᠭᠡᠭ᠍ᠰᠡᠨ ᠰᠡᠳᠭᠢᠭᠦᠢ ᠶᠢᠨ ᠵᠠᠮ ᠢ ᠮᠦᠷᠳᠠᠵᠤ ᠨᠢᠭᠡ ᠨᠢᠭᠡ ᠠᠯᠬᠤᠮ ᠶᠢᠡᠷ ᠮᠡᠳᠡᠯᠭᠡ ᠶᠢᠨ ᠳᠠᠯᠠᠢ ᠳᠤ ᠠᠯᠬᠤᠨ ᠣᠷᠤᠵᠤ ᠰᠤᠷᠬᠤ ᠶᠢᠨ ᠪᠠᠶᠠᠷ ᠪᠠᠬᠠᠳᠤᠯ ᠢ ᠡᠳ᠋ᠯᠡᠪᠠᠯ ᠰᠠ‍‌ᠶᠢ ᠰᠤᠷᠤᠭᠴᠢ ᠶᠢᠨ ᠰᠤᠷᠤᠯᠴᠠᠬᠤ ᠣᠷᠮ᠎ᠠ ᠶᠢ ᠳᠡᠭᠡᠭ᠍ᠰᠢᠯᠡᠭᠦᠯᠵᠤ ᠴᠢᠳᠠᠨ᠎ᠠ᠃

    ᠬᠤᠶᠠᠷ᠂ ᠰᠤᠷᠬᠤ ᠭᠢᠭᠡᠳ ᠠᠰᠠᠭᠤᠬᠤ ᠶᠢ ᠣᠶᠠᠯᠳᠤᠭᠤᠯᠵᠤ ᠰᠤᠷᠬᠤ ᠶᠢ ᠵᠢᠯᠤᠭᠤᠤᠠᠬᠤ᠃ ᠭᠡᠷᠪᠡ ᠰᠤᠷᠬᠤ ᠪᠠ ᠰᠡᠳᠭᠢᠭᠦ ᠶᠢ ᠣᠶᠠᠯᠳᠤᠭᠤᠯᠬᠤ ᠶᠢᠨ ᠵᠠᠩᠭᠢᠯᠭ᠎ᠠ ᠨᠢ ᠪᠠᠭᠰᠢ ᠶᠢᠨ ᠭᠦᠳᠦᠯᠤᠨ ᠵᠢᠯᠤᠭᠤᠤᠠᠬᠤ ᠳᠤ ᠪᠠᠢ᠌ᠨ᠎ᠠ ᠭᠡᠵᠤ ᠭᠡᠯᠡᠳᠡᠭ᠌ ᠪᠣᠯ ᠰᠤᠷᠬᠤ ᠪᠣᠯᠤᠨ ᠠᠰᠠᠭᠤᠬᠤ ᠶᠢ ᠣᠶᠠᠯᠳᠤᠭᠤᠯᠬᠤ ᠶᠢᠨ ᠵᠠᠩᠭᠢᠯᠭ᠎ᠠ ᠨᠢ ᠰᠤᠷᠤᠭᠴᠢᠳ ᠤᠨ ᠦᠪᠡᠷ ᠤᠨ ᠭᠢᠨᠢ ᠳᠤᠳᠤᠭᠠᠳᠤ ᠰᠡᠳᠭᠢᠭᠦᠢ ᠶᠢᠨ ᠊ᠭ᠍ᠱᠡᠨ ᠵᠠᠭᠤᠷ᠎ᠠ ᠶᠢᠨ ᠮᠦᠷᠭᠦᠯᠳᠡ ᠡᠴᠠ ᠡᠭᠦᠰᠦᠭ᠍ᠰᠡᠨ ᠰᠤᠷᠬᠤ ᠣᠷᠮ᠎ᠠ ᠶᠢᠨ ᠭᠦᠭ᠍ᠵᠢᠯᠳᠡ ᠳᠤ ᠪᠣᠢ᠃ ᠶᠠᠮᠠᠷ ᠨᠢᠭᠡᠨ ᠵᠢᠮ᠎ᠠ ᠶᠤᠰᠤ ᠶᠢ ᠰᠤᠷᠴᠤ ᠳᠠᠨᠢᠬᠤ ᠡᠴᠠ ᠦᠵᠡᠪᠠᠯ ᠰᠤᠷᠤᠭᠠᠤᠨ ᠰᠠᠳᠭᠢᠪᠠᠯ᠂ ᠰᠡᠳᠭᠢᠭᠦ ᠪᠣᠯᠭᠠᠨ ᠳᠤ ᠰᠡᠵᠢᠭᠯᠡᠯ ᠣᠷᠤᠰᠢᠵᠤ ᠰᠡᠵᠢᠭᠯᠡᠯ ᠡᠴᠠ ᠠᠰᠠᠭᠤᠳᠠᠯ ᠡᠭᠦᠰᠳᠡᠭ᠌᠃ ᠡᠢ᠌ᠮᠤ ᠡᠴᠠ ᠰᠤᠷᠬᠤ ᠪᠣᠯᠤᠨ ᠠᠰᠠᠭᠤᠬᠤ ᠶᠢ ᠣᠶᠠᠯᠳᠤᠭᠤᠯᠬᠤ ᠪᠣᠯ ᠭᠤᠤᠯᠯᠠᠨ ᠵᠢᠯᠤᠭᠤᠤᠠᠬᠤ ᠪᠣᠯᠤᠨ ᠭᠤᠤᠯ ᠴᠤᠭᠴᠠ᠂ ᠵᠢᠭᠠᠬᠤ ᠮᠠᠲ᠋ᠸᠷᠢᠶᠠᠯ ᠪᠣᠯᠤᠨ ᠰᠤᠷᠤᠭᠴᠢ᠂ ᠵᠢᠭᠠᠬᠤ ᠠᠷᠭ᠎ᠠ ᠪᠣᠯᠤᠨ ᠰᠤᠷᠬᠤ ᠠᠷᠭ᠎ᠠ ᠶᠢᠨ ᠭᠢᠴᠢᠶᠠᠯ ᠤᠨ ᠳᠠᠩᠭᠢᠮ ᠳ᠋ᠠᠭᠢ ᠠᠰᠠᠭᠤᠯᠳᠠ ᠪᠣᠯᠤᠨ ᠨᠠᠪᠴᠢᠯᠳᠠ ᠪᠣᠯᠤᠨ᠎ᠠ᠃ ᠳᠤᠷᠰᠢᠯᠭ᠎ᠠ ᠲᠡᠶ ᠪᠠᠭᠰᠢ ᠶᠠᠷᠤᠨᠢ ᠰᠤᠷᠤᠭᠴᠢᠳ ᠤᠨ ᠰᠤᠷᠤᠯᠴᠠᠬᠤ ᠶᠠᠪᠣᠴᠠ ᠳᠤᠮᠳᠠ ᠡᠭᠦᠰᠦᠭ᠍ᠰᠡᠨ ᠰᠡᠵᠢᠭᠯᠡᠯ ᠪᠣᠯᠤᠨ ᠠᠰᠠᠭᠤᠯᠳᠠ ᠪᠠᠷ ᠭᠤᠤᠯ ᠳᠡᠩᠭᠡᠯᠢᠭ᠌ ᠪᠣᠯᠭᠠᠵᠤ ᠰᠤᠷᠤᠭᠴᠢᠳ ᠢ ᠪᠦᠳᠦᠭᠡᠯᠴᠢ ᠴᠢᠨᠠᠷ ᠪᠦᠭᠦᠢ ᠰᠤᠷᠤᠯᠴᠠᠬᠤ ᠣᠷᠴᠢᠨ ᠳᠤᠭᠤᠷᠢᠨ ᠳᠤ ᠭᠦᠳᠦᠯᠤᠨ ᠣᠷᠤᠭᠤᠯᠵᠤ ᠭᠢᠴᠢᠶᠠᠯ ᠤᠨ ᠳᠠᠩᠭᠢᠮ ᠤᠨ ᠵᠢᠭᠠᠨ ᠰᠤᠷᠭᠠᠯᠳᠠ ᠶᠢ ᠨᠠᠩ ᠭᠦᠷ ᠭᠦᠭ᠍ᠵᠢᠶᠡᠨ ᠲᠡᠶ ᠪᠣᠯᠭᠠᠳᠠᠭ᠃

    ᠭᠤᠷᠪᠠ᠂ ᠰᠤᠷᠬᠤ ᠪᠣᠯᠤᠨ ᠪᠣᠯᠪᠠᠰᠤᠷᠬᠤ ᠶᠢ ᠣᠶᠠᠯᠳᠤᠭᠤᠯᠵᠤ ᠰᠤᠷᠬᠤ ᠠᠷᠭ᠎ᠠ ᠶᠢ ᠵᠢᠯᠤᠭᠤᠤᠠᠬᠤ᠃ ᠰᠤᠷᠬᠤ ᠪᠣᠯ ᠮᠡᠳᠡᠯᠭᠡ ᠶᠢ ᠭᠦᠯᠢᠶᠡᠨ ᠠᠪᠬᠤ ᠶᠠᠪᠣᠴᠠ᠂ ᠪᠣᠯᠪᠠᠰᠤᠷᠬᠤ ᠪᠣᠯ ᠮᠡᠳᠡᠯᠭᠡ ᠶᠢ ᠥᠢᠯᠡᠳᠦᠯᠭᠡᠵᠢᠭᠦᠯᠭᠦ ᠶᠠᠪᠣᠴᠠ ᠮᠦᠨ᠃ ᠵᠢᠭᠠᠨ ᠰᠤᠷᠭᠠᠬᠤ ᠶᠠᠪᠣᠴᠠ ᠳ᠋ᠠᠭᠢ ᠶᠠᠮᠠᠷᠪᠠ ᠶᠠᠷᠢᠬᠤ ᠪᠣᠯᠪᠠᠰᠤᠷᠠᠯ᠂ ᠪᠢᠴᠢᠭᠦ ᠪᠣᠯᠪᠠᠰᠤᠷᠠᠯ ᠵᠢᠴᠢ ᠭᠢᠵᠤ ᠦᠢᠯᠡᠳᠬᠦ ᠥᠢᠯᠡᠳᠦᠯᠭᠡ ᠶᠢᠨ ᠪᠣᠯᠪᠠᠰᠤᠷᠠᠯ ᠵᠡᠷᠭᠡ ᠨᠢ ᠴᠦᠮ ᠰᠤᠷᠤᠭᠴᠢᠳ ᠢ ᠨᠢᠭᠡᠨᠲᠡ ᠡᠵᠡᠮᠰᠢᠭ᠍ᠰᠡᠨ ᠮᠡᠳᠡᠯᠭᠡ ᠪᠠᠨ ᠠᠰᠢᠭᠯᠠᠵᠤ ᠥᠢᠯᠡᠳᠦᠯᠭᠡ ᠭᠢᠭᠦ ᠴᠢᠳᠠᠪᠣᠷᠢ ᠲᠡᠶ ᠪᠣᠯᠭᠠᠵᠤ ᠴᠢᠳᠠᠬᠤ ᠶᠤᠮ᠃ ᠡᠭᠦᠨ ᠳᠤ ᠪᠠᠭᠰᠢ ᠡᠴᠠ ᠰᠤᠷᠤᠭᠴᠢᠳ ᠤᠨ ᠪᠣᠯᠪᠠᠰᠤᠷᠠᠯ ᠢ ᠵᠢᠯᠤᠭᠤᠤᠠᠬᠤ ᠳᠠᠭᠠᠨ ᠵᠠᠳᠠᠯᠬᠤ᠂ ᠬᠠᠷᠢᠴᠠᠭᠤᠯᠬᠤ᠂ ᠵᠥᠢᠴᠢᠯᠡᠭᠦ᠂ ᠮᠠᠭᠠᠳᠯᠠᠬᠤ ᠵᠡᠷᠭᠡ ᠰᠠᠳᠭᠢᠴᠠ ᠶᠢᠨ ᠶᠠᠪᠣᠴᠠ ᠶᠢ ᠳᠠᠮᠵᠢᠬᠤ ᠶᠢ ᠠᠩᠬᠠᠷᠬᠤ ᠭᠡᠷᠡᠭ᠍ᠳᠡᠢ᠃ ᠨᠢᠭᠡᠨ ᠴᠢᠨᠠᠷᠯᠢᠭ ᠰᠠᠢ᠌ᠨ ᠪᠣᠯᠪᠠᠰᠤᠷᠠᠯ ᠤᠨ ᠣᠠᠴᠠᠯᠢᠭ ᠨᠢ ᠡᠷᠭᠡᠪᠰᠢ ᠳᠤᠤᠷᠠᠭᠢ ᠮᠠᠳᠤ ᠭᠤᠷᠪᠠᠨ ᠭᠤᠤᠯᠳᠠᠯᠭ᠎ᠠ ᠶᠢ ᠳᠤᠪᠣᠢ᠌ᠯᠭᠠᠭᠰᠠᠨ ᠪᠠᠢ᠌ᠬᠤ ᠭᠡᠷᠡᠭ᠍ᠳᠡᠢ᠃

    1᠂ ᠰᠢᠨ᠎ᠡ ᠰᠡᠪᠠᠭᠦᠨ ᠪᠠᠢ᠌ᠯᠭᠠᠬᠤ᠃ ᠮᠡᠳᠡᠯᠭᠡ ᠶᠢ ᠬᠤᠪᠢᠷᠠᠭᠤᠯᠵᠤ ᠪᠣᠯᠪᠠᠰᠤᠷᠠᠯ ᠤᠨ ᠰᠠᠳᠤᠪ ᠤᠨ ᠭᠡᠯᠪᠠᠷᠢ ᠪᠠᠷ ᠪᠣᠯᠪᠠᠰᠤᠷᠠᠪᠠᠯ ᠰᠤᠷᠤᠭᠰᠠᠨ ᠮᠡᠳᠡᠯᠭᠡ ᠶᠢ ᠰᠢᠨ᠎ᠡ ᠰᠡᠪᠠᠭᠦᠨ ᠪᠣᠯᠭᠠᠵᠤ ᠰᠤᠷᠤᠭᠴᠢᠳ ᠲᠤ ᠰᠢᠨ᠎ᠡ ᠰᠡᠩᠭᠡᠷᠡᠭᠦᠯᠦᠯ ᠥᠭ᠍ᠴᠤ ᠰᠢᠨ᠎ᠡ ᠰᠤᠷᠤᠯᠴᠠᠯᠭ᠎ᠠ ᠪᠣᠯᠤᠨ ᠰᠡᠳᠭᠢᠭᠦᠢ ᠶᠢᠨ ᠠᠷᠭ᠎ᠠ ᠵᠠᠮ ᠢ ᠪᠣᠢ ᠪᠣᠯᠭᠠᠵᠤ ᠴᠢᠳᠠᠨ᠎ᠠ᠃

    2᠂ ᠠᠮᠢᠳᠤᠯᠢᠭ ᠪᠠᠢ᠌ᠯᠭᠠᠬᠤ᠃ ᠪᠣᠯᠪᠠᠰᠤᠷᠠᠯ ᠤᠨ ᠰᠠᠳᠤᠪ ᠪᠣᠯ ᠳᠦᠭᠦᠮ ᠭᠢᠯᠪᠠᠷ ᠮᠡᠳᠡᠯᠭᠡ ᠶᠢᠨ ᠳᠠᠭᠢᠨ ᠳᠠᠪᠳᠠᠨ ᠢᠯᠡᠷᠡᠭᠦ ᠪᠠ ᠰᠤᠷᠤᠭᠰᠠᠨ ᠮᠡᠳᠡᠯᠭᠡ ᠪᠠᠨ ᠠᠰᠢᠭᠯᠠᠨ ᠰᠢᠨ᠎ᠡ ᠮᠡᠳᠡᠯᠭᠡ ᠶᠢᠨ ᠭᠦᠷᠢᠶ‍ᠡᠡ ᠳᠤ ᠨᠠᠪᠴᠢᠨ ᠣᠷᠤᠵᠤ ᠰᠤᠷᠤᠭᠴᠢᠳ ᠤᠨ ᠮᠡᠳᠡᠯᠭᠡ ᠪᠣᠯᠤᠨ ᠰᠡᠳᠭᠢᠭᠦᠢ ᠶᠢᠨ ᠵᠡᠷᠭᠡᠴᠡᠨ ᠳᠠᠪᠬᠤᠷᠳᠠᠵᠤ ᠭᠦᠡᠵᠡᠭᠡᠢ᠌ᠷᠡᠭᠦ ᠶᠢ ᠠᠭᠢᠭᠤᠯᠬᠤ ᠶᠠᠪᠣᠴᠠ ᠳᠠᠭᠠᠨ ᠮᠡᠳᠡᠯᠭᠡ ᠶᠢᠨ ᠶᠡᠷᠦᠩᠭᠡᠢ᠌ᠯᠡᠭ᠍ᠰᠡᠨ ᠴᠢᠨᠠᠷ ᠤᠨ ᠰᠢᠯᠢᠭ᠍ᠳᠡᠯ ᠢ ᠪᠠᠶᠡᠯᠡᠭᠦᠯᠵᠤ ᠪᠦᠳᠦᠭᠡᠯᠴᠢ ᠴᠢᠨᠠᠷ ᠲᠡᠶ ᠰᠤᠷᠬᠤ ᠣᠷ᠎ᠠ ᠳᠠᠮ ᠢ ᠪᠣᠢ ᠪᠣᠯᠭᠠᠵᠤ ᠴᠢᠳᠠᠨ᠎ᠠ᠃

    3᠂ ᠪᠣᠳᠠᠳᠠᠢ ᠪᠠᠢ᠌ᠯᠭᠠᠬᠤ᠃ ᠮᠡᠳᠡᠯᠭᠡ ᠪᠣᠯ ᠴᠢᠳᠠᠪᠣᠷᠢ ᠶᠢᠨ ᠪᠣᠳᠠᠳᠤ ᠴᠤᠭᠴᠠ ᠮᠦᠨ᠃ ᠪᠣᠯᠪᠠᠰᠤᠷᠠᠯ ᠤᠨ ᠰᠠᠳᠤᠪ ᠪᠣᠯ ᠮᠡᠳᠡᠯᠭᠡ ᠶᠢᠨ ᠬᠤᠪᠢᠷᠠᠯᠳᠠ ᠶᠢᠨ ᠭᠡᠯᠪᠠᠷᠢ ᠪᠣᠯᠬᠤᠷ ᠪᠠᠳᠤ ᠪᠠᠭᠢ ᠮᠡᠳᠡᠯᠭᠡ ᠶᠢᠨ ᠣᠷᠢᠳᠠᠯ ᠳᠤᠤᠷ᠎ᠠ ᠡᠷᠭᠡᠪᠰᠢ ᠰᠤᠷᠤᠭᠴᠢᠳ ᠤᠨ ᠴᠢᠳᠠᠪᠣᠷᠢ ᠶᠢ ᠨᠢ ᠳᠡᠭᠡᠭ᠍ᠰᠢᠯᠡᠭᠦᠯᠭᠦ ᠪᠠᠷ ᠬᠠᠷᠠᠯᠳᠠ ᠪᠣᠯᠭᠠᠵᠤ ᠠᠮᠢᠳᠤᠯᠢᠭ ᠪᠣᠳᠠᠳᠠᠢ ᠭᠡᠯᠪᠠᠷᠢ ᠪᠦᠭᠦᠢ ᠪᠣᠯᠪᠠᠰᠤᠷᠠᠯ ᠶᠢᠡᠷ ᠰᠤᠷᠤᠭᠴᠢᠳ ᠤᠨ ᠦᠨᠡᠨ ᠪᠣᠳᠠᠳᠠᠢ ᠦᠷ᠎ᠡ ᠪᠦᠳᠦᠮᠵᠢ ᠶᠢ ᠨᠢ ᠳᠡᠭᠡᠭ᠍ᠰᠢᠯᠡᠭᠦᠯᠵᠤ ᠴᠢᠳᠠᠭᠰᠠᠨ ᠪᠠᠢ᠌ᠬᠤ ᠭᠡᠷᠡᠭ᠍ᠳᠡᠢ᠃

    ᠲ᠋ᠦᠷᠪᠠ᠂ ᠰᠤᠷᠬᠤ ᠪᠣᠯᠤᠨ ᠭᠡᠷᠡᠭᠯᠡᠭᠦ ᠶᠢ ᠣᠶᠠᠯᠳᠤᠭᠤᠯᠵᠤ ᠰᠤᠷᠬᠤ ᠠᠷᠭ᠎ᠠ ᠶᠢ ᠵᠢᠯᠤᠭᠤᠤᠠᠬᠤ᠃ ᠮᠡᠳᠡᠯᠭᠡ ᠶᠢ ᠰᠤᠷᠬᠤ ᠶᠢᠨ ᠵᠤᠷᠢᠯᠭ᠎ᠠ ᠨᠢ ᠭᠡᠷᠡᠭᠯᠡᠭᠦ ᠶᠢᠨ ᠲᠦᠯᠦᠭᠡ ᠶᠤᠮ᠃ ᠡᠨᠡ ᠪᠣᠯ ᠰᠤᠷᠬᠤ ᠶᠢᠨ ᠳᠡᠭᠡᠳᠤ ᠳᠠᠰ ᠤᠨ ᠱᠠᠭᠠᠷᠳᠠᠯᠭ᠎ᠠ ᠮᠦᠨ᠃ ᠮᠦᠨ ᠴᠤ ᠮᠡᠳᠡᠯᠭᠡ᠂ ᠴᠢᠳᠠᠪᠣᠷᠢ᠂ ᠣᠬᠠᠮᠰᠠᠷ ᠭᠤᠷᠪᠠ ᠶᠢᠨ ᠨᠢᠭᠡᠳᠦᠮᠡᠯ ᠵᠢᠭᠠᠬᠤ ᠬᠠᠷᠠᠯᠳᠠ ᠶᠢᠨ ᠢᠯᠡᠷᠡᠭᠦᠯᠦᠯᠳᠡ ᠮᠦᠨ᠃ ᠰᠤᠷᠤᠭᠴᠢᠳ ᠰᠤᠷᠤᠭᠰᠠᠨ ᠮᠡᠳᠡᠯᠭᠡ ᠪᠠᠨ ᠭᠡᠷᠡᠭᠯᠡᠵᠤ ᠪᠠᠶ᠎ᠠ ᠪᠠᠨ ᠳᠠᠭᠠᠭᠠᠨ ᠡᠯ᠎ᠡ ᠵᠣᠢ᠌ᠯ ᠤᠨ ᠠᠰᠠᠭᠤᠳᠠᠯ ᠢ ᠪᠣᠳᠠᠳᠠᠢ ᠪᠠᠷ ᠳᠠᠢ᠌ᠯᠪᠣᠷᠢᠯᠠᠨ ᠵᠠᠳᠠᠯᠵᠤ ᠬᠠᠷᠢᠭᠤᠯᠬᠤ ᠪᠠᠷ ᠳᠠᠮᠵᠢᠨ ᠮᠡᠳᠡᠯᠭᠡ ᠶᠢᠨ ᠵᠢᠩᠭᠢᠨᠢ ᠦᠨ᠎ᠡ ᠦᠷᠳᠡᠭ᠌ ᠢ ᠨᠠᠩ ᠭᠦᠡᠵᠡᠭᠡᠢ ᠣᠢ᠌ᠯᠠᠭᠠᠵᠤ ᠴᠢᠨᠠᠭᠰᠢ ᠰᠠᠳᠭᠢᠨ ᠰᠢᠨ᠎ᠡ ᠮᠡᠳᠡᠯᠭᠡ ᠶᠢ ᠢᠯᠡᠷᠡᠭᠦᠯᠭᠦ ᠰᠠᠳᠭᠢᠴᠠ ᠶᠢᠨ ᠪᠡᠯᠡᠳᠭᠡᠯ ᠲᠡᠶ ᠪᠣᠯᠬᠤ ᠪᠠᠷ ᠦᠯᠦ ᠪᠠᠷᠠᠨ ᠪᠠᠶ᠎ᠠ ᠪᠠᠨ ᠳᠠᠭᠠᠭᠠᠬᠤ ᠴᠢᠳᠠᠪᠣᠷᠢ ᠲᠡᠶ ᠪᠣᠯᠵᠤ ᠨᠡᠢ᠌ᠭᠡᠮ ᠤᠨ ᠬᠠᠷᠢᠭᠤᠴᠠᠯᠭᠠᠳᠤ ᠰᠡᠳᠬᠢᠯᠭᠡ ᠪᠠ ᠨᠡᠢ᠌ᠭᠡᠮ ᠳᠤ ᠬᠤᠪᠢ ᠨᠠᠮᠠᠷᠢ ᠥᠵᠡᠭᠦᠯᠭᠦ ᠣᠷᠭᠢᠯᠤᠮ᠎ᠠ ᠬᠠᠯᠠᠭᠤᠨ ᠣᠢ᠌ᠯᠠᠰᠴᠢ ᠰᠡᠳᠬᠢᠯᠭᠡ ᠶᠢ ᠨᠢ ᠨᠡᠮᠡᠭ᠍ᠳᠡᠭᠦᠯᠵᠤ ᠴᠢᠳᠠᠨ᠎ᠠ᠃ ᠡᠢ᠌ᠮᠤ ᠡᠴᠠ ᠭᠢᠴᠢᠶᠠᠯ ᠤᠨ ᠴᠠᠭ ᠲᠤ ᠰᠤᠷᠤᠭᠴᠢᠳ ᠲᠤ ᠢᠯᠡᠭᠦᠭᠡᠨ ᠴᠠᠭ ᠣᠯᠭᠤᠵᠤ ᠰᠤᠷᠤᠭᠰᠠᠨ ᠮᠡᠳᠡᠯᠭᠡ ᠪᠠᠨ ᠪᠣᠳᠠᠳᠠᠢ ᠪᠠᠷ ᠭᠡᠷᠡᠭᠯᠡᠭᠦ ᠲᠤᠬᠢᠶᠠᠯ ᠣᠯᠭᠤᠬᠤ ᠭᠡᠷᠡᠭ᠍ᠳᠡᠢ᠃

    ᠲ᠋ᠠᠪᠣ᠂ ᠰᠤᠷᠬᠤ ᠪᠣᠯᠤᠨ ᠮᠠᠷᠭᠤᠯᠳᠤᠬᠤ ᠶᠢ ᠣᠶᠠᠯᠳᠤᠭᠤᠯᠵᠤ ᠰᠤᠷᠬᠤ ᠠᠷᠭ᠎ᠠ ᠶᠢ ᠵᠢᠯᠤᠭᠤᠤᠠᠬᠤ᠃ ᠭᠢᠴᠢᠶᠠᠯ ᠤᠨ ᠳᠠᠩᠭᠢᠮ ᠤᠨ ᠵᠢᠭᠠᠨ ᠰᠤᠷᠭᠠᠯᠳᠠ ᠳᠤ ᠠᠷᠠᠳᠴᠢᠯᠠᠯ ᠢ ᠡᠷᠭᠢᠮᠯᠡᠵᠤ ᠪᠠᠭᠰᠢ ᠰᠤᠷᠤᠭᠴᠢ ᠡᠷᠭᠡ ᠳᠡᠭ᠍ᠰᠢ ᠪᠠᠢ᠌ᠵᠤ ᠭᠢᠴᠢᠶᠡᠯᠯᠡᠭᠡ ᠶᠢ ᠪᠠᠭᠰᠢ ᠭᠠᠭᠴᠠᠭᠠᠷ ᠡᠵᠡᠮᠰᠢᠭᠦ ᠶᠢ ᠢᠯᠠᠨ ᠳᠠᠪᠠᠵᠤ ᠪᠠᠭᠰᠢ ᠰᠤᠷᠤᠭᠴᠢ ᠶᠢᠨ ᠬᠠᠷᠢᠴᠠᠭ᠎ᠠ ᠶᠢ ᠨᠠᠢ᠌ᠵᠠ ᠨᠥᠭᠦᠤᠨ ᠤᠨ ᠬᠠᠷᠢᠴᠠᠭ᠎ᠠ ᠪᠣᠯᠭᠠᠵᠤ᠂ ᠰᠤᠷᠤᠭᠴᠢ ᠶᠢᠨ ᠦᠵᠡᠯᠳᠠ ᠪᠠᠨ ᠵᠤᠷᠢᠭᠳᠠᠢ ᠪᠠᠷ ᠳᠤᠷᠠᠳᠬᠤ ᠶᠢ ᠵᠤᠷᠢᠭᠵᠢᠭᠤᠯᠵᠤ᠂ ᠰᠤᠷᠤᠭᠴᠢ ᠡᠴᠠ ᠪᠠᠭᠰᠢ ᠶᠠᠷᠢᠵᠤ ᠳᠠᠢ᠌ᠯᠪᠣᠷᠢᠯᠠᠬᠤ ᠪᠠ ᠰᠤᠷᠬᠤ ᠶᠠᠪᠣᠴᠠ ᠳᠤ ᠠᠳᠠᠯᠢ ᠪᠣᠰᠤ ᠰᠠᠨᠠᠯ ᠶᠢᠡᠨ ᠳᠤᠷᠠᠳᠴᠤ ᠮᠠᠷᠭᠤᠯᠳᠤᠬᠤ ᠶᠢ ᠰᠠᠨᠠᠭᠠᠴᠢᠯᠠᠬᠤ ᠨᠢ ᠰᠤᠷᠤᠭᠴᠢ ᠶᠢᠨ ᠵᠦᠷᠢᠶ‍ᠡᠠᠳᠤ ᠰᠡᠳᠭᠢᠭᠦᠢ ᠶᠢ ᠭᠦᠮᠦᠵᠢᠭᠦᠯᠵᠤ ᠰᠤᠷᠤᠭᠴᠢ ᠶᠢᠨ ᠶᠠᠮᠠᠷ ᠨᠢᠭᠡᠨ ᠠᠰᠠᠭᠤᠯᠳᠠ ᠶᠢᠨ ᠬᠠᠷᠢᠭᠤᠯᠳᠠ ᠶᠢ ᠣᠯᠠᠨ ᠳᠠᠯ᠎ᠠ ᠣᠯᠠᠨ ᠳᠠᠪᠬᠤᠷᠭ᠎ᠠ ᠡᠴᠠ ᠡᠷᠢᠯᠭᠢᠯᠡᠭᠦ ᠶᠢ ᠵᠢᠯᠤᠭᠤᠤᠠᠴᠤ ᠣᠷᠢᠳᠤᠭᠢ ᠭᠦᠮᠦᠰ ᠤᠨ ᠮᠡᠳᠡᠯᠭᠡ ᠶᠢ ᠡᠭᠦᠳᠤᠨ ᠪᠦᠳᠦᠭᠡᠭᠦ ᠶᠠᠪᠣᠴᠠ ᠳ᠋ᠠᠭᠢ ᠰᠡᠳᠭᠢᠭᠦᠢ ᠶᠢᠨ ᠭᠡᠯᠪᠠᠷᠢ ᠪᠠᠷ ᠰᠤᠷᠤᠭᠴᠢ ᠶᠢ ᠵᠢᠯᠤᠭᠤᠳᠤᠨ ᠣᠬᠠᠷᠠᠭᠤᠯᠳᠠᠭ᠃ ᠡᠭᠦᠨ ᠤ ᠬᠠᠮᠳᠤ ᠰᠤᠷᠤᠭᠴᠢᠳ ᠢ ᠭᠦᠳᠦᠯᠤᠨ ᠳᠤᠰ ᠭᠢᠴᠢᠶᠠᠯ ᠳᠦᠷᠤᠯ ᠤᠨ ᠭᠦᠭ᠍ᠵᠢᠯᠳᠡ ᠳᠤ ᠬᠠᠯᠠᠮᠰᠢᠯ ᠪᠣᠯᠵᠤ ᠪᠠᠢ᠌ᠭ᠎ᠠ ᠪᠠ ᠭᠦᠴᠢᠷᠳᠡᠯ ᠪᠣᠯᠵᠤ ᠪᠠᠢ᠌ᠭ᠎ᠠ ᠮᠠᠰᠢ ᠣᠯᠠᠨ ᠠᠰᠠᠭᠤᠳᠠᠯ ᠳᠤ ᠠᠩᠬᠠᠷᠤᠯ ᠳᠠᠯᠪᠢᠬᠤ ᠪᠣᠯᠭᠠᠵᠤ ᠰᠤᠷᠤᠭᠴᠢᠳ ᠤᠨ ᠰᠢᠨ᠎ᠡ ᠶᠢ ᠡᠭᠦᠳᠭᠦ ᠵᠤᠷᠢᠭ ᠰᠠᠨᠠᠭ᠎ᠠ ᠶᠢ ᠭᠦᠮᠦᠵᠢᠭᠦᠯᠭᠦ ᠳᠤ ᠠᠰᠢᠭᠳᠠᠢ ᠣᠷᠴᠢᠨ ᠳᠤᠭᠤᠷᠢᠨ ᠢ ᠪᠣᠢ ᠪᠣᠯᠭᠠᠳᠠᠭ᠃


ᠵᠤᠬᠢᠶᠠᠭᠴᠢ ᠶᠢᠨ ᠬᠠ‍‌ᠶᠢᠭ ᠄ ᠠᠷᠤ ᠬᠤᠷᠴᠢᠨ ᠬᠤᠰᠢᠭᠤᠨ ᠤ ᠪᠠᠶᠠᠠᠨᠠᠭᠤᠷ ᠨᠢᠭᠡᠳᠦᠭᠡᠷ ᠶᠡᠷᠦᠩᠭᠡᠢ ᠰᠤᠷᠭᠠᠭᠤᠯᠢ

ᠵᠤᠬᠢᠶᠠᠭᠴᠢ᠄ ᠡᠯᠪᠠᠭ᠌
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠪᠠᠭᠰᠢ ᠶᠢᠨ ᠬᠠᠨᠢ
ᠳᠠᠷᠤᠮ᠄ 5367
ᠴᠠᠭ᠄ 2010 ᠤᠨ ᠤ 12 ᠰᠠᠷ᠎ᠠ ᠶᠢᠨ 24
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ