ᠨᠡᠪᠲᠡᠷᠡᠨ ᠤᠷᠤᠬᠤ
ᠮᠤᠩᠭᠤᠯ ᠦᠭᠡ ᠬᠡᠯᠡ ᠦᠰᠦᠭ ᠪᠢᠴᠢᠭ᠌ ᠤᠨ ᠠᠵᠢᠯ ᠤᠨ ᠳᠦᠷᠢᠮ

ᠦᠪᠣᠷ ᠮᠤᠩᠭ᠋ᠤᠯ ᠤᠨ ᠥᠪᠠᠷᠳᠡᠭᠡᠨ ᠵᠠᠰᠠᠬᠤ ᠣᠷᠤᠨ ᠤ ᠠᠷᠪᠠᠳᠤᠭᠠᠷ ᠬᠤᠭᠤᠴᠠᠭᠠᠨ ᠤ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠠᠯᠪᠠᠨ ᠵᠠᠷ


ᠠᠷᠪᠠ ᠶ‍ᠢᠰᠦᠳᠦᠭᠡᠷ


2004 ᠣᠨ ᠤ 11 ᠳ᠋ᠦᠭᠡᠷ ᠰᠠᠷ᠎ᠠ ᠶᠢᠨ 26 ᠊ᠤ ᠡᠳᠦᠷ ᠦᠪᠣᠷ ᠮᠤᠩᠭ᠋ᠤᠯ ᠤᠨ ᠥᠪᠠᠷᠳᠡᠭᠡᠨ ᠵᠠᠰᠠᠬᠤ ᠣᠷᠤᠨ ᠤ ᠠᠷᠪᠠᠳᠤᠭᠠᠷ ᠬᠤᠭᠤᠴᠠᠭᠠᠨ ᠤ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯᠳᠤᠭᠠᠨ ᠶᠢᠡᠷ 《ᠦᠪᠣᠷ ᠮᠤᠩᠭ᠋ᠤᠯ ᠤᠨ ᠥᠪᠠᠷᠳᠡᠭᠡᠨ ᠵᠠᠰᠠᠬᠤ ᠣᠷᠤᠨ ᠤ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠠᠵᠢᠯ ᠤᠨ ᠳᠦᠷᠢᠮ》 ᠢ ᠪᠠᠳᠤᠯᠠᠪᠠ᠂ ᠣᠳᠤ ᠨᠠᠢ᠌ᠳᠠᠯᠠᠶ᠎ᠠ᠂ 2005 ᠣᠨ ᠤ 5 ᠳ᠋ᠤᠭᠠᠷ ᠰᠠᠷ᠎ᠠ ᠶᠢᠨ 1 ᠊ᠤ ᠡᠳᠦᠷ ᠡᠴᠡ ᠡᠭᠢᠯᠡᠨ ᠭᠡᠷᠡᠭ᠍ᠵᠢᠭᠦᠯᠳᠦᠭᠡᠢ᠃

2004 ᠣᠨ ᠤ 11 ᠳ᠋ᠤᠭᠡᠷ ᠰᠠᠷ᠎ᠠ ᠶᠢᠨ 26 ᠊ᠤ ᠡᠳᠦᠷ


ᠦᠪᠣᠷ ᠮᠤᠩᠭ᠋ᠤᠯ ᠤᠨ ᠥᠪᠠᠷᠳᠡᠭᠡᠨ ᠵᠠᠰᠠᠬᠤ ᠣᠷᠤᠨ ᠤ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠠᠵᠢᠯ ᠤᠨ ᠳᠦᠷᠢᠮ


(2004 ᠣᠨ ᠤ 11 ᠳ᠋ᠤᠭᠡᠷ ᠰᠠᠷ᠎ᠠ ᠶᠢᠨ 26 ᠊ᠤ ᠡᠳᠦᠷ ᠦᠪᠣᠷ ᠮᠤᠩᠭ᠋ᠤᠯ ᠤᠨ ᠥᠪᠠᠷᠳᠡᠭᠡᠨ ᠵᠠᠰᠠᠬᠤ ᠣᠷᠤᠨ ᠤ ᠠᠷᠪᠠᠳᠤᠭᠠᠷ ᠬᠤᠭᠤᠴᠠᠭᠠᠨ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯᠳᠤᠭᠠᠨ ᠶᠢᠡᠷ ᠪᠠᠳᠤᠯᠠᠪᠠ)


ᠭᠠᠷᠴᠠᠭ

ᠨᠢᠭᠡᠳᠦᠭᠡᠷ ᠪᠦᠯᠦᠭ᠌   ᠶᠡᠷᠦᠩᠭᠡᠢ ᠳᠦᠷᠢᠮ

ᠬᠤᠶᠠᠳᠤᠭᠠᠷ ᠪᠦᠯᠦᠭ᠌   ᠰᠤᠷᠤᠯᠴᠯᠭ᠎ᠠ ᠪᠠ ᠰᠤᠷᠭᠠᠨ ᠭᠦᠮᠦᠵᠢᠯ

ᠭᠤᠷᠪᠠᠳᠤᠭᠠᠷ ᠪᠦᠯᠦᠭ᠌   ᠭᠡᠷᠡᠭᠯᠡᠯᠳᠡ ᠪᠠ ᠬᠠᠮᠢᠶᠠᠷᠤᠯᠳᠠ

ᠳᠦᠷᠪᠠᠳᠦᠭᠡᠷ ᠪᠦᠯᠦᠭ᠌   ᠰᠢᠡᠵᠢᠯᠡᠭᠦ ᠣᠬᠠᠭᠠᠨ ᠤ ᠰᠤᠳᠤᠯᠤᠯᠳᠠ ᠪᠠ ᠳᠦᠷᠢᠮᠵᠢᠯ᠂ ᠪᠠᠷᠢᠮᠵᠢᠶᠠᠵᠢᠯ

ᠳᠠᠪᠣᠳᠤᠭᠠᠷ ᠪᠦᠯᠦᠭ᠌   ᠬᠠᠤᠯᠢ ᠴᠠᠭᠠᠵᠠ ᠶᠢᠨ ᠬᠠᠷᠢᠭᠤᠴᠠᠯᠭ᠎ᠠ

ᠵᠢᠷᠭᠤᠳᠤᠭᠠᠷ ᠪᠦᠯᠦᠭ᠌   ᠳᠠᠭᠠᠯᠳᠤᠭᠤᠯᠤᠭᠰᠠᠨ ᠳᠦᠷᠢᠮ


ᠨᠢᠭᠡᠳᠦᠭᠡᠷ ᠪᠦᠯᠦᠭ᠌ ᠶᠡᠷᠦᠩᠭᠡᠢ ᠳᠦᠷᠢᠮ


ᠨᠢᠭᠡᠳᠦᠭᠡᠷ ᠵᠣᠢ᠌ᠯ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠳᠦᠷᠢᠮᠵᠢᠯ᠂ ᠪᠠᠷᠢᠮᠵᠢᠶ‍ᠵᠢᠯ᠂ ᠰᠤᠷᠤᠯᠴᠠᠯᠭ᠎ᠠ ᠭᠡᠷᠡᠭᠯᠡᠭᠡᠨ ᠤ ᠵᠢᠷᠤᠮᠵᠢᠯᠳᠠ ᠪᠣᠯᠤᠨ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠴᠡᠴᠡᠭᠯᠡᠯ ᠭᠦᠭ᠍ᠵᠢᠯᠳᠡ ᠶᠢ ᠠᠭᠢᠭᠤᠯᠵᠤ᠂ ᠨᠡᠢ᠌ᠭᠡᠮ ᠤᠨ ᠠᠮᠢᠳᠤᠷᠠᠯ ᠳᠤ ᠭᠠᠷᠭᠠᠬᠤ ᠣᠢ᠌ᠯᠠᠳᠤᠯ ᠢ ᠨᠢ ᠣᠯᠠᠮ ᠰᠠᠢ᠌ᠨ ᠪᠠᠳᠠᠷᠠᠭᠤᠯᠬᠤ ᠶᠢᠨ ᠳᠦᠯᠦᠭᠡ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠦᠨᠳᠦᠰᠤᠨ ᠬᠠᠤᠯᠢ》᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠦᠨᠳᠦᠰᠦᠳᠠᠨ ᠤ ᠣᠷᠤᠨ ᠤ ᠥᠪᠠᠷᠳᠡᠭᠡᠨ ᠵᠠᠰᠠᠬᠤ ᠬᠠᠤᠯᠢ》 ᠭᠢᠭᠡᠤᠨ ᠣᠯᠤᠰ ᠤᠨ ᠬᠤᠯᠤᠪᠣᠭᠳᠠᠯ ᠪᠦᠭᠦᠢ ᠬᠠᠤᠯᠢ ᠴᠠᠭᠠᠵᠠ᠂ ᠬᠠᠤᠯᠢ ᠳᠤᠭᠳᠠᠭᠠᠯ ᠳᠤ ᠦᠨᠳᠦᠰᠦᠯᠠᠨ ᠥᠪᠠᠷᠳᠡᠭᠡᠨ ᠵᠠᠰᠠᠬᠤ ᠣᠷᠤᠨ ᠤ ᠪᠠᠨ ᠪᠣᠳᠠᠳᠤ ᠪᠠᠢ᠌ᠳᠠᠯ ᠲᠡᠶ ᠣᠶᠠᠯᠳᠤᠭᠤᠯᠵᠤ ᠳᠤᠰ ᠳᠦᠷᠢᠮ ᠢ ᠳᠤᠭᠳᠠᠭᠠᠪᠠ᠃

ᠬᠤᠶᠠᠳᠤᠭᠠᠷ ᠵᠣᠢ᠌ᠯ ᠮᠤᠩᠭ᠋ᠤᠯ ᠥᠭᠡ ᠭᠡᠯᠡ ᠥᠰᠦᠭ᠌ ᠪᠢᠴᠢᠭ᠌ ᠪᠣᠯ ᠥᠪᠠᠷᠳᠡᠭᠡᠨ ᠵᠠᠰᠠᠬᠤ ᠣᠷᠤᠨ ᠤ ᠨᠠᠢ᠌ᠳᠠᠮ ᠭᠡᠷᠡᠭᠯᠡᠭᠦ ᠥᠭᠡ ᠭᠡᠯᠡ ᠥᠰᠦᠭ᠌ ᠪᠢᠴᠢᠭ᠌ ᠮᠦᠨ ᠪᠦᠭᠡᠤᠨ ᠥᠪᠠᠷᠳᠡᠭᠡᠨ ᠵᠠᠰᠠᠬᠤ ᠡᠷᠭᠡ ᠪᠠᠨ ᠭᠡᠷᠡᠭ᠍ᠵᠢᠭᠦᠯᠭᠦ ᠴᠢᠬᠤᠯᠠ ᠪᠠᠭᠠᠵᠢ ᠮᠦᠨ᠃ ᠥᠪᠠᠷᠳᠡᠭᠡᠨ ᠵᠠᠰᠠᠬᠤ ᠣᠷᠤᠨ ᠤ ᠡᠯ᠎ᠡ ᠱᠠᠳᠤᠨ ᠤ ᠲᠦᠷᠦ ᠶᠢᠨ ᠪᠠᠢ᠌ᠭᠤᠯᠭ᠎ᠠ ᠡᠷᠭᠡ ᠳᠤᠰᠢᠶᠠᠯ ᠶᠢᠡᠨ ᠭᠦᠢᠴᠡᠳᠭᠡᠭᠦ ᠦᠶᠡᠰ ᠮᠤᠩᠭ᠋ᠤᠯ ᠭᠢᠳᠠᠤᠨ ᠬᠤᠶᠠᠷ ᠲᠦᠷᠦᠯ ᠤᠨ ᠥᠭᠡ ᠭᠡᠯᠡ ᠥᠰᠦᠭ᠌ ᠪᠢᠴᠢᠭ᠌ ᠢ ᠵᠡᠷᠭᠡ ᠪᠠᠷ ᠭᠡᠷᠡᠭᠯᠡᠭᠦ ᠳᠡᠭᠡᠨ ᠮᠤᠩᠭ᠋ᠤᠯ ᠥᠭᠡ ᠭᠡᠯᠡ ᠥᠰᠦᠭ᠌ ᠪᠢᠴᠢᠭ᠌ ᠶᠢᠡᠷ ᠭᠤᠤᠯ ᠪᠣᠯᠭᠠᠵᠤ ᠪᠣᠯᠤᠨ᠎ᠠ᠃

ᠭᠤᠷᠪᠠᠳᠤᠭᠠᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠮᠤᠩᠭ᠋ᠤᠯ ᠭᠡᠯᠡᠨ ᠤ ᠪᠠᠷᠢᠮᠵᠢᠶ᠎ᠠ ᠠᠪᠢᠶ᠎ᠠ ᠪᠣᠯᠤᠨ ᠮᠤᠩᠭ᠋ᠤᠯ ᠥᠭᠡ ᠶᠢᠨ ᠳᠦᠷᠢᠮᠵᠢᠭᠦᠯᠦᠭ᠍ᠰᠡᠨ ᠪᠢᠴᠢᠯᠭᠡ ᠶᠢ ᠳᠦᠭᠡᠭᠡᠨ ᠳᠡᠯᠭᠡᠷᠡᠭᠦᠯᠭᠦ ᠭᠡᠷᠡᠭ᠍ᠳᠡᠢ᠂ ᠥᠪᠠᠷᠳᠡᠭᠡᠨ ᠵᠠᠰᠠᠬᠤ ᠣᠷᠤᠨ ᠳᠤ ᠰᠢᠯᠤᠭᠤᠨ ᠭᠦᠭᠡ ᠬᠤᠰᠢᠭᠤ ᠪᠠᠷ ᠳᠦᠯᠦᠭᠡᠯᠡᠭᠦᠯᠦᠭ᠍ᠰᠡᠨ ᠴᠠᠬᠠᠷ ᠠᠮᠠᠨ ᠠᠶᠠᠯᠭᠤ ᠪᠠᠷ ᠮᠤᠩᠭ᠋ᠤᠯ ᠭᠡᠯᠡᠨ ᠤ ᠪᠠᠷᠢᠮᠵᠢᠶ᠎ᠠ ᠠᠪᠢᠶ᠎ᠠ ᠪᠣᠯᠭᠠᠨ᠎ᠠ᠃

ᠳᠦᠷᠪᠠᠳᠦᠭᠡᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠮᠤᠩᠭ᠋ᠤᠯ ᠦᠨᠳᠦᠰᠦᠳᠠᠨ ᠤ ᠠᠷᠠᠤᠨ ᠢᠷᠭᠡᠤᠨ ᠤᠨ ᠮᠤᠩᠭ᠋ᠤᠯ ᠥᠭᠡ ᠭᠡᠯᠡ ᠥᠰᠦᠭ᠌ ᠪᠢᠴᠢᠭ᠌ ᠶᠢᠡᠨ ᠰᠤᠷᠴᠤ ᠭᠡᠷᠡᠭᠯᠡᠭᠦ᠂ ᠰᠤᠳᠤᠯᠵᠤ ᠭᠦᠭ᠍ᠵᠢᠭᠦᠯᠭᠦ ᠡᠷᠭᠡ ᠴᠢᠯᠦᠭᠡ ᠶᠢ ᠪᠠᠳᠤᠯᠠᠬᠤ ᠭᠡᠷᠡᠭ᠍ᠳᠡᠢ ᠪᠦᠭᠡᠤᠨ ᠦᠨᠳᠦᠰᠦᠳᠠᠨ ᠨᠤᠭᠦᠳ ᠤᠨ ᠠᠷᠠᠤᠨ ᠢᠷᠭᠡᠤᠨ ᠤᠨ ᠮᠤᠩᠭ᠋ᠤᠯ ᠥᠭᠡ ᠭᠡᠯᠡ ᠥᠰᠦᠭ᠌ ᠪᠢᠴᠢᠭ᠌ ᠰᠤᠷᠬᠤ᠂ ᠭᠡᠷᠡᠭᠯᠡᠭᠦ᠂ ᠰᠤᠳᠤᠯᠬᠤ ᠶᠢ ᠵᠤᠷᠢᠭᠵᠢᠭᠤᠯᠤᠨ ᠳᠡᠮᠵᠢᠭᠦ ᠭᠡᠷᠡᠭ᠍ᠳᠡᠢ᠃

ᠳᠠᠪᠣᠳᠤᠭᠠᠷ ᠵᠣᠢ᠌ᠯ ᠬᠤᠰᠢᠭᠤ ᠰᠢᠶᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠠᠵᠢᠯ ᠤᠨ ᠵᠠᠷᠤᠳᠠᠯ ᠢ ᠳᠤᠰ ᠱᠠᠳᠤᠨ ᠤ ᠡᠳ᠋ ᠤᠨ ᠵᠠᠰᠠᠭ ᠤᠨ ᠲᠦᠰᠤᠪ ᠲᠤ ᠣᠷᠤᠭᠤᠯᠬᠤ ᠭᠡᠷᠡᠭ᠍ᠳᠡᠢ᠃

ᠵᠢᠷᠭᠤᠳᠤᠭᠠᠷ ᠵᠣᠢ᠌ᠯ ᠬᠤᠰᠢᠭᠤ ᠰᠢᠶᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠤ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠠᠵᠢᠯ ᠤᠨ ᠪᠠᠢ᠌ᠭᠤᠯᠤᠮᠵᠢ ᠨᠢ ᠳᠤᠰ ᠵᠠᠰᠠᠭ ᠵᠠᠭᠢᠷᠭᠠᠨ ᠤ ᠣᠷᠤᠨ ᠤ ᠭᠡᠪᠴᠢᠶᠡᠨ ᠳ᠋ᠠᠭᠢ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠠᠵᠢᠯ ᠢ ᠳᠦᠯᠦᠪᠵᠢᠭᠦᠯᠭᠦ᠂ ᠵᠢᠯᠤᠭᠤᠤᠠᠬᠤ ᠪᠠ ᠭᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃

ᠬᠤᠰᠢᠭᠤ ᠰᠢᠶᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠤ ᠬᠤᠯᠪᠣᠭᠳᠠᠯ ᠪᠦᠭᠦᠢ ᠰᠠᠯᠠᠭ᠎ᠠ ᠮᠦᠴᠢᠷ ᠤᠳ ᠦᠪᠡᠷᠰᠠᠤᠨ ᠤᠨ ᠡᠭᠦᠷᠭᠡ ᠬᠠᠷᠢᠭᠤᠴᠠᠯᠭ᠎ᠠ ᠪᠠᠷ ᠶᠢᠡᠨ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠠᠵᠢᠯ ᠢ ᠬᠠᠮᠳᠤ ᠪᠠᠷ ᠰᠠᠢ᠌ᠳᠤᠷ ᠭᠢᠭᠦ ᠭᠡᠷᠡᠭ᠍ᠳᠡᠢ᠃

ᠳᠤᠯᠤᠳᠤᠭᠠᠷ ᠵᠣᠢ᠌ᠯ ᠡᠯ᠎ᠡ ᠱᠠᠳᠤᠨ ᠤ ᠵᠠᠰᠠᠭ ᠤᠨ ᠣᠷᠳᠤᠨ ᠮᠤᠩᠭ᠋ᠤᠯ ᠥᠭᠡ ᠭᠡᠯᠡ ᠥᠰᠦᠭ᠌ ᠪᠢᠴᠢᠭ᠌ ᠰᠤᠷᠴᠤ ᠭᠡᠷᠡᠭᠯᠡᠭᠡᠤᠨ ᠳᠤᠪᠣᠢ᠌ᠮ᠎ᠠ ᠪᠦᠳᠦᠮᠵᠢ ᠭᠠᠷᠭᠠᠭᠰᠠᠨ ᠨᠢᠭᠡᠴᠢ ᠪᠣᠯᠤᠨ ᠬᠤᠪᠢ ᠭᠦᠮᠤᠨ ᠢ ᠱᠠᠩᠨᠠᠵᠤ ᠭᠦᠭᠢᠭᠦᠯᠦᠨ᠎ᠡ᠃


ᠬᠤᠶᠠᠳᠤᠭᠠᠷ ᠪᠦᠯᠦᠭ᠌  ᠰᠤᠷᠤᠯᠴᠠᠯᠭ᠎ᠠ ᠪᠠ ᠰᠤᠷᠭᠠᠨ ᠭᠦᠮᠦᠵᠢᠯ


ᠨᠢ᠋ᠮᠠᠳᠤᠭᠠᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠮᠤᠩᠭ᠋ᠤᠯ ᠶᠢᠡᠷ ᠭᠢᠴᠢᠶᠡᠯᠯᠡᠭᠦ ᠪᠠᠷ ᠭᠤᠤᠯᠯᠠᠭᠤᠯᠤᠭᠰᠠᠨ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠨ ᠭᠦᠮᠦᠵᠢᠯ ᠢ ᠣᠷᠢᠤᠠᠴᠢᠯᠠᠨ ᠭᠦᠭ᠍ᠵᠢᠭᠦᠯᠵᠤ᠂ ᠭᠤᠤᠯᠳᠠᠯᠭ᠎ᠠ ᠲᠡᠶ ᠳᠡᠳᠭᠦᠵᠤ᠂ ᠮᠤᠩᠭ᠋ᠤᠯ ᠭᠢᠳᠠᠤᠨ ᠬᠤᠶᠠᠷ ᠲᠦᠷᠦᠯ ᠤᠨ ᠥᠭᠡ ᠭᠡᠯᠡ ᠥᠰᠦᠭ᠌ ᠪᠢᠴᠢᠭ᠌ ᠢ ᠵᠡᠷᠭᠡ ᠪᠠᠷ ᠡᠵᠡᠮᠰᠢᠭ᠍ᠰᠡᠨ ᠡᠯ᠎ᠡ ᠲᠦᠷᠦᠯ ᠤᠨ ᠳᠤᠰᠬᠠᠢ ᠮᠡᠷᠭᠡᠵᠢᠯ ᠤᠨ ᠴᠢᠳᠠᠪᠣᠷᠢᠳᠠᠨ ᠢ ᠭᠦᠮᠦᠵᠢᠭᠦᠯᠭᠦ ᠭᠡᠷᠡᠭ᠍ᠳᠡᠢ᠃

ᠶ‍ᠢᠰᠦᠳᠦᠭᠡᠷ ᠵᠣᠢ᠌ᠯ ᠥᠪᠠᠷᠳᠡᠭᠡᠨ ᠵᠠᠰᠠᠬᠤ ᠣᠷᠤᠨ ᠤ ᠠᠷᠠᠤᠨ ᠤᠨ ᠵᠠᠰᠠᠭ ᠤᠨ ᠣᠷᠳᠤᠨ ᠮᠤᠩᠭ᠋ᠤᠯ ᠶᠢᠡᠷ ᠭᠢᠴᠢᠶᠡᠯᠯᠡᠭᠦ ᠰᠤᠷᠭᠠᠨ ᠭᠦᠮᠦᠵᠢᠯ ᠤᠨ ᠪᠠᠯᠠ ᠣᠷᠤᠭᠤᠯᠤᠯᠳᠠ ᠪᠠᠨ ᠵᠢᠯ ᠳᠠᠷᠠᠭᠠᠯᠠᠨ ᠨᠡᠮᠡᠭ᠍ᠳᠡᠭᠦᠯᠭᠦ ᠭᠡᠷᠡᠭ᠍ᠳᠡᠢ᠃

ᠠᠷᠪᠠᠳᠤᠭᠠᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠮᠤᠩᠭ᠋ᠤᠯ ᠶᠢᠡᠷ ᠭᠢᠴᠢᠶᠡᠯᠯᠡᠭᠦ ᠰᠤᠷᠭᠠᠭᠤᠯᠢ ᠨᠤᠭᠤᠳ ᠲᠤ ᠲᠦᠷᠦ ᠶᠢᠨ ᠪᠣᠳᠤᠯᠭ᠎ᠠ ᠶᠢᠨ ᠬᠠᠷᠠᠭᠠᠯᠵᠠᠯ ᠭᠦᠷᠳᠡᠭᠡᠭᠦ ᠪᠠ ᠪᠠᠯᠠ ᠮᠥᠩᠭᠦᠨ ᠤ ᠨᠥᠭᠦᠪᠦᠷᠢ ᠥᠭ᠍ᠴᠤ᠂ ᠮᠤᠩᠭ᠋ᠤᠯ ᠶᠢᠡᠷ ᠭᠢᠴᠢᠶᠡᠯᠯᠡᠭᠦ ᠰᠤᠷᠤᠭᠴᠢ ᠶᠢᠨ ᠰᠤᠷᠤᠯᠭ᠎ᠠ ᠶᠢᠨ ᠵᠠᠷᠤᠳᠠᠯ᠂ ᠢᠭᠢᠷ ᠰᠢᠭᠢᠷ ᠵᠠᠷᠤᠳᠠᠯ᠂ ᠰᠤᠷᠬᠤ ᠪᠢᠴᠢᠭ᠌ ᠤᠨ ᠵᠠᠷᠤᠳᠠᠯ ᠢ ᠨᠢ ᠭᠦᠩᠭᠡᠯᠡᠭᠦ ᠪᠣᠶᠤ ᠭᠡᠯᠳᠦᠷᠢᠭᠦᠯᠭᠦ ᠭᠡᠷᠡᠭ᠍ᠳᠡᠢ᠃ ᠡᠭᠦᠨ ᠤ ᠬᠠᠮᠳᠤ ᠰᠤᠷᠤᠯᠭ᠎ᠠ ᠶᠢᠨ ᠳᠡᠳᠭᠦᠮᠵᠢ ᠶᠢᠨ ᠮᠥᠩᠭᠦ᠂ ᠰᠤᠷᠤᠯᠭ᠎ᠠ ᠶᠢᠨ ᠱᠠᠩᠨᠠᠯ ᠤᠨ ᠮᠥᠩᠭᠦᠨ ᠤ ᠳᠦᠷᠢᠮ ᠢ ᠭᠡᠷᠡᠭ᠍ᠵᠢᠭᠦᠯᠵᠤ᠂ ᠶᠠᠳᠠᠭᠤ ᠭᠦᠴᠢᠷᠳᠡᠯᠳᠡᠢ ᠭᠡᠷ ᠪᠦᠯᠢ ᠶᠢᠨ ᠰᠤᠷᠤᠭᠴᠢ ᠶᠢᠨ ᠰᠤᠷᠤᠯᠭ᠎ᠠ ᠪᠠᠨ ᠳᠡᠭᠦᠰᠭᠡᠭᠦ ᠶᠢ ᠪᠠᠳᠤᠯᠠᠬᠤ ᠭᠡᠷᠡᠭ᠍ᠳᠡᠢ᠃

ᠠᠷᠪᠠᠨ ᠨᠢᠭᠡᠳᠦᠭᠡᠷ ᠵᠣᠢ᠌ᠯ ᠭᠢᠳᠠᠤᠨ ᠶᠢᠡᠷ ᠭᠢᠴᠢᠶᠡᠯᠯᠡᠭᠦ ᠮᠤᠩᠭ᠋ᠤᠯ ᠦᠨᠳᠦᠰᠦᠳᠠᠨ ᠤ ᠳᠤᠮᠳᠠᠳᠤ᠂ ᠪᠠᠭ᠎ᠠ ᠰᠤᠷᠭᠠᠭᠤᠯᠢ ᠨᠤᠭᠤᠳ ᠲᠤ ᠮᠤᠩᠭ᠋ᠤᠯ ᠭᠡᠯᠡ ᠪᠢᠴᠢᠭ᠌ ᠤᠨ ᠭᠢᠴᠢᠶᠠᠯ ᠳᠤᠭᠢᠷᠠᠭᠤᠯᠬᠤ ᠭᠡᠷᠡᠭ᠍ᠳᠡᠢ᠃

ᠠᠷᠪᠠᠨ ᠬᠤᠶᠠᠳᠤᠭᠠᠷ ᠵᠣᠢ᠌ᠯ ᠮᠤᠩᠭ᠋ᠤᠯ ᠭᠦᠮᠤᠨ ᠠᠮᠠ ᠣᠯᠠᠠᠳᠠᠢ ᠠᠢ᠌ᠮᠠᠭ ᠬᠤᠳᠠ ᠮᠤᠩᠭ᠋ᠤᠯ ᠶᠢᠡᠷ ᠭᠢᠴᠢᠶᠡᠯᠯᠡᠭᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠡᠷᠭᠢᠯᠡᠭᠦ ᠭᠡᠷᠡᠭ᠍ᠳᠡᠢ᠃

ᠠᠷᠪᠠᠨ ᠭᠤᠷᠪᠠᠳᠤᠭᠠᠷ ᠵᠣᠢ᠌ᠯ ᠡᠯ᠎ᠡ ᠲᠦᠷᠦᠯ ᠤᠨ ᠳᠡᠭᠡᠳᠤ ᠰᠤᠷᠭᠠᠭᠤᠯᠢ ᠨᠤᠭᠤᠳ ᠮᠤᠩᠭ᠋ᠤᠯ ᠶᠢᠡᠷ ᠭᠢᠴᠢᠶᠡᠯᠯᠡᠭᠦ ᠪᠠᠷ ᠭᠤᠤᠯᠯᠠᠭᠤᠯᠤᠭᠰᠠᠨ ᠳᠤᠰᠬᠠᠢ ᠮᠡᠷᠭᠡᠵᠢᠯ ᠢ ᠠᠯᠬᠤᠮ ᠠᠯᠬᠤᠮ ᠶᠢᠡᠷ ᠴᠢᠩᠭ᠋ᠠᠤᠠᠬᠠᠬᠤ ᠪᠣᠶᠤ ᠨᠠᠮᠠᠵᠤ ᠳᠤᠭᠢᠷᠠᠭᠤᠯᠬᠤ ᠶᠢᠨ ᠬᠠᠮᠳᠤ ᠪᠡᠯᠡᠳᠭᠡᠯ ᠠᠩᠭᠢ ᠶᠢᠨ ᠡᠯᠰᠡᠯᠳᠡ ᠶᠢᠨ ᠭᠡᠪᠴᠢᠶ᠎ᠡ ᠪᠠᠨ ᠦᠷᠭᠡᠳᠭᠡᠵᠤ᠂ ᠪᠡᠯᠡᠳᠭᠡᠯ ᠠᠩᠭᠢ ᠳᠤ ᠮᠤᠩᠭ᠋ᠤᠯ ᠶᠢᠡᠷ ᠰᠤᠷᠤᠭᠰᠠᠨ ᠰᠤᠷᠤᠭᠴᠢ ᠶᠢ ᠡᠯᠰᠡᠭᠦ ᠭᠡᠷᠡᠭ᠍ᠳᠡᠢ᠃ ᠡᠯ᠎ᠡ ᠲᠦᠷᠦᠯ ᠤᠨ ᠳᠡᠭᠡᠳᠤ ᠰᠤᠷᠭᠠᠭᠤᠯᠢ ᠨᠤᠭᠤᠳ ᠮᠤᠩᠭ᠋ᠤᠯ ᠶᠢᠡᠷ ᠭᠢᠴᠢᠶᠡᠯᠯᠡᠭᠦ ᠳᠤᠰᠬᠠᠢ ᠮᠡᠷᠭᠡᠵᠢᠯ ᠤᠨ ᠰᠤᠷᠤᠭᠴᠢ ᠡᠯᠰᠡᠯᠳᠡ ᠳᠤ ᠳᠤᠰᠠᠭᠠᠷ ᠳᠦᠯᠦᠪᠯᠡᠭᠡ ᠭᠡᠷᠡᠭ᠍ᠵᠢᠭᠦᠯᠵᠤ᠂ ᠡᠯᠰᠡᠭᠦ ᠰᠤᠷᠤᠭᠴᠢ ᠶᠢᠨ ᠳᠤᠭ᠎ᠠ ᠪᠠᠨ ᠠᠯᠬᠤᠮ ᠠᠯᠬᠤᠮ ᠶᠢᠡᠷ ᠨᠡᠮᠡᠭ᠍ᠳᠡᠭᠦᠯᠭᠦ ᠭᠡᠷᠡᠭ᠍ᠳᠡᠢ᠃

ᠠᠷᠪᠠᠨ ᠳᠦᠷᠪᠠᠳᠦᠭᠡᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠣᠠᠴᠠᠭᠠᠢ ᠲᠦᠷᠦ ᠶᠢᠨ ᠪᠣᠳᠤᠯᠭ᠎ᠠ ᠳᠤᠭᠳᠠᠭᠠᠵᠤ᠂ ᠮᠤᠩᠭ᠋ᠤᠯ ᠶᠢᠡᠷ ᠭᠢᠴᠢᠶᠡᠯᠯᠡᠭᠦ ᠳᠡᠭᠡᠳᠤ᠂ ᠳᠤᠮᠳᠠ ᠮᠡᠷᠭᠡᠵᠢᠯ ᠤᠨ ᠰᠤᠷᠭᠠᠭᠤᠯᠢ ᠳᠡᠭᠦᠰᠭᠡᠭ᠍ᠰᠡᠨ ᠰᠤᠷᠤᠭᠴᠢᠳ ᠤᠨ ᠠᠵᠢᠯ ᠣᠯᠬᠤ ᠵᠠᠮ ᠢ ᠥᠷᠭᠡᠵᠢᠭᠦᠯᠭᠦ ᠭᠡᠷᠡᠭ᠍ᠳᠡᠢ ᠪᠦᠭᠡᠤᠨ ᠲᠦᠷᠦ ᠶᠢᠨ ᠪᠠᠢ᠌ᠭᠤᠯᠭ᠎ᠠ᠂ ᠠᠷᠠᠤᠨ ᠤᠨ ᠪᠦᠯᠭᠦᠮ᠂ ᠠᠵᠤ ᠠᠬᠤᠢ᠌ᠯᠠᠯ ᠠᠵᠢᠯ ᠣᠢ᠌ᠯᠠᠰ ᠤᠨ ᠨᠢᠭᠡᠴᠢ ᠨᠤᠭᠦᠳ ᠮᠤᠩᠭ᠋ᠤᠯ ᠶᠢᠡᠷ ᠭᠢᠴᠢᠶᠡᠯᠯᠡᠭᠦ ᠳᠡᠭᠡᠳᠤ᠂ ᠳᠤᠮᠳᠠ ᠮᠡᠷᠭᠡᠵᠢᠯ ᠤᠨ ᠰᠤᠷᠭᠠᠭᠤᠯᠢ ᠳᠡᠭᠦᠰᠭᠡᠭ᠍ᠰᠡᠨ ᠰᠤᠷᠤᠭᠴᠢ ᠶᠢ ᠡᠯᠰᠡᠨ ᠭᠡᠷᠡᠭᠯᠡᠭᠦ ᠭᠡᠷᠡᠭ᠍ᠳᠡᠢ᠃

ᠠᠷᠪᠠᠨ ᠳᠠᠪᠣᠳᠤᠭᠠᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠮᠤᠩᠭ᠋ᠤᠯᠴᠤᠳ ᠲᠦᠪᠯᠡᠷᠠᠨ ᠰᠠᠭᠤᠷᠢᠰᠢᠭᠰᠠᠨ ᠭᠠᠵᠠᠷ ᠣᠷᠤᠨ ᠤ ᠮᠠᠯᠴᠢᠨ ᠳᠠᠷᠢᠶᠠᠴᠢᠳ ᠲᠤ ᠮᠤᠩᠭ᠋ᠤᠯ ᠶᠢᠡᠷ ᠭᠢᠴᠢᠶᠡᠯᠯᠡᠭᠦ ᠪᠠᠷ ᠭᠤᠤᠯᠯᠠᠭᠤᠯᠤᠭᠰᠠᠨ ᠭᠡᠷᠡᠭᠯᠡᠭᠡᠨ ᠤ ᠮᠡᠷᠭᠡᠵᠢᠯ ᠤᠨ ᠭᠦᠮᠦᠵᠢᠯ ᠪᠣᠯᠪᠠᠰᠤᠷᠠᠯ ᠭᠦᠷᠳᠠᠭᠡᠵᠤ᠂ ᠭᠡᠷᠡᠭᠯᠡᠭᠡᠨ ᠤ ᠮᠡᠷᠭᠡᠵᠢᠯ ᠤᠨ ᠭᠦᠮᠦᠵᠢᠯ ᠪᠣᠯᠪᠠᠰᠤᠷᠠᠯ ᠤᠨ ᠢᠵᠢ ᠪᠦᠷᠢᠳᠦᠭᠦᠯᠭᠦ ᠪᠠᠢ᠌ᠭᠤᠯᠤᠯᠳᠠ ᠪᠠᠨ ᠴᠢᠩᠭ᠋ᠠᠤᠠᠬᠠᠬᠤ ᠭᠡᠷᠡᠭ᠍ᠳᠡᠢ᠃


ᠭᠤᠷᠪᠠᠳᠤᠭᠠᠷ ᠪᠦᠯᠦᠭ᠌   ᠭᠡᠷᠡᠭᠯᠡᠯᠳᠡ ᠪᠠ ᠬᠠᠮᠢᠶᠠᠷᠤᠯᠳᠠ


ᠠᠷᠪᠠᠨ ᠵᠢᠷᠭᠤᠳᠤᠭᠠᠷ ᠵᠣᠢ᠌ᠯ ᠡᠯ᠎ᠡ ᠱᠠᠳᠤᠨ ᠤ ᠲᠦᠷᠦ ᠶᠢᠨ ᠪᠠᠢ᠌ᠭᠤᠯᠭ᠎ᠠ᠂ ᠠᠷᠠᠤᠨ ᠤᠨ ᠪᠦᠯᠭᠦᠮ ᠤᠨ ᠠᠯᠪᠠᠨ ᠪᠢᠴᠢᠭ᠌ ᠲᠤ ᠮᠤᠩᠭ᠋ᠤᠯ ᠭᠢᠳᠠᠤᠨ ᠬᠤᠶᠠᠷ ᠲᠦᠷᠦᠯ ᠤᠨ ᠥᠰᠦᠭ᠌ ᠪᠢᠴᠢᠭ᠌ ᠢ ᠭᠡᠷᠡᠭᠯᠡᠭᠦ ᠭᠡᠷᠡᠭ᠍ᠳᠡᠢ᠃

ᠥᠪᠠᠷᠳᠡᠭᠡᠨ ᠵᠠᠰᠠᠬᠤ ᠣᠷᠤᠨ ᠳᠤ ᠰᠠᠭᠤᠭ᠎ᠠ ᠲᠦᠷᠦ ᠶᠢᠨ ᠪᠠᠢ᠌ᠭᠤᠯᠭ᠎ᠠ᠂ ᠠᠷᠠᠤᠨ ᠤᠨ ᠪᠦᠯᠭᠦᠮ ᠤᠳ ᠡᠮᠦᠨᠡᠭᠢ ᠪᠠᠳᠠᠭ ᠤᠨ ᠳᠤᠭᠳᠠᠭᠠᠯ ᠢ ᠵᠢᠷᠤᠮᠯᠠᠵᠤ ᠭᠡᠷᠡᠭ᠍ᠵᠢᠭᠦᠯᠦᠨ᠎ᠡ᠃

ᠠᠷᠪᠠᠨ ᠳᠤᠯᠤᠳᠤᠭᠠᠷ ᠵᠣᠢ᠌ᠯ ᠡᠯ᠎ᠡ ᠱᠠᠳᠤᠨ ᠤ ᠲᠦᠷᠦ ᠶᠢᠨ ᠪᠠᠢ᠌ᠭᠤᠯᠭ᠎ᠠ᠂ ᠠᠷᠠᠤᠨ ᠤᠨ ᠪᠦᠯᠭᠦᠮ ᠪᠣᠯᠤᠨ ᠠᠵᠤ ᠠᠬᠤᠢ᠌ᠯᠠᠯ ᠠᠵᠢᠯ ᠣᠢ᠌ᠯᠠᠰ ᠤᠨ ᠨᠢᠭᠡᠴᠢ ᠶᠢᠨ ᠮᠤᠩᠭ᠋ᠤᠯ ᠭᠢᠳᠠᠤᠨ ᠬᠤᠶᠠᠷ ᠲᠦᠷᠦᠯ ᠤᠨ ᠥᠭᠡ ᠭᠡᠯᠡ ᠥᠰᠦᠭ᠌ ᠪᠢᠴᠢᠭ᠌ ᠶᠢᠡᠷ ᠠᠵᠢᠯᠯᠠᠳᠠᠭ ᠮᠥᠷᠳᠡᠭᠡᠨ ᠥᠪᠠᠷᠳᠡᠭᠡᠨ ᠵᠠᠰᠠᠬᠤ ᠣᠷᠤᠨ ᠤ ᠳᠤᠭᠳᠠᠭᠠᠭᠰᠠᠨ ᠪᠠᠷᠢᠮᠵᠢᠶᠠᠨ ᠳᠤ ᠭᠦᠷᠦᠭ᠍ᠰᠡᠨ ᠠᠵᠢᠯᠳᠠᠤᠨ ᠲᠤ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠨᠡᠮᠡᠯᠭᠡ ᠮᠥᠩᠭᠦ ᠣᠯᠭᠤᠨ᠎ᠠ᠃ ᠪᠣᠳᠠᠳᠠᠢ ᠠᠷᠭ᠎ᠠ ᠶᠢ ᠥᠪᠠᠷᠳᠡᠭᠡᠨ ᠵᠠᠰᠠᠬᠤ ᠣᠷᠤᠨ ᠤ ᠠᠷᠠᠤᠨ ᠤᠨ ᠵᠠᠰᠠᠭ ᠤᠨ ᠣᠷᠳᠤᠨ ᠳᠤᠭᠳᠠᠭᠠᠨ᠎ᠠ᠃

ᠠᠷᠪᠠᠨ ᠨᠢ᠋ᠮᠠᠳᠤᠭᠠᠷ ᠵᠣᠢ᠌ᠯ ᠡᠯ᠎ᠡ ᠱᠠᠳᠤᠨ ᠤ ᠲᠦᠷᠦ ᠶᠢᠨ ᠪᠠᠢ᠌ᠭᠤᠯᠭ᠎ᠠ᠂ ᠠᠷᠠᠤᠨ ᠤᠨ ᠪᠦᠯᠭᠦᠮ ᠪᠣᠯᠤᠨ ᠠᠵᠢᠯ ᠣᠢ᠌ᠯᠠᠰ ᠤᠨ ᠨᠢᠭᠡᠴᠢ ᠨᠤᠭᠦᠳ ᠮᠤᠩᠭ᠋ᠤᠯ ᠭᠡᠯᠡ ᠪᠢᠴᠢᠭ᠌ ᠤᠨ ᠣᠷᠴᠢᠭᠤᠯᠭ᠎ᠠ ᠶᠢᠨ ᠪᠠᠢ᠌ᠭᠤᠯᠤᠮᠵᠢ ᠪᠣᠯᠤᠨ ᠣᠷᠴᠢᠭᠤᠯᠤᠭᠴᠢ ᠶᠢᠨ ᠡᠩᠨᠡᠭᠡᠨ ᠤ ᠪᠠᠢ᠌ᠭᠤᠯᠤᠯᠳᠠ ᠪᠠᠨ ᠴᠢᠩᠭ᠋ᠠᠤᠠᠬᠠᠵᠤ᠂ ᠣᠷᠴᠢᠭᠤᠯᠤᠭᠴᠢ ᠳᠤᠭᠢᠷᠠᠭᠤᠯᠬᠤ ᠭᠡᠷᠡᠭ᠍ᠳᠡᠢ᠃

ᠡᠯ᠎ᠡ ᠱᠠᠳᠤᠨ ᠤ ᠲᠦᠷᠦ ᠶᠢᠨ ᠪᠠᠢ᠌ᠭᠤᠯᠭ᠎ᠠ᠂ ᠠᠷᠠᠤᠨ ᠤᠨ ᠪᠦᠯᠭᠦᠮ ᠪᠣᠯᠤᠨ ᠠᠵᠢᠯ ᠣᠢ᠌ᠯᠠᠰ ᠤᠨ ᠨᠢᠭᠡᠴᠢ ᠶᠢᠨ ᠮᠤᠩᠭ᠋ᠤᠯ ᠭᠡᠯᠡ ᠪᠢᠴᠢᠭ᠌ ᠤᠨ ᠣᠷᠴᠢᠭᠤᠯᠭ᠎ᠠ ᠶᠢᠨ ᠠᠵᠢᠯᠳᠠᠨ ᠮᠤᠩᠭ᠋ᠤᠯ ᠭᠡᠯᠡ ᠪᠢᠴᠢᠭ᠌ ᠤᠨ ᠣᠷᠴᠢᠭᠤᠯᠭ᠎ᠠ ᠶᠢᠨ ᠠᠵᠢᠯ ᠤᠨ ᠪᠠᠢ᠌ᠷᠢ ᠶᠢᠨ ᠨᠡᠮᠡᠯᠭᠡ ᠮᠥᠩᠭᠦ ᠭᠦᠷᠳᠡᠨ᠎ᠡ᠃

ᠡᠯ᠎ᠡ ᠱᠠᠳᠤᠨ ᠤ ᠲᠦᠷᠦ ᠶᠢᠨ ᠪᠠᠢ᠌ᠭᠤᠯᠭ᠎ᠠ᠂ ᠠᠷᠠᠤᠨ ᠤᠨ ᠪᠦᠯᠭᠦᠮ ᠳᠤ ᠮᠤᠩᠭ᠋ᠤᠯ ᠭᠡᠯᠡ ᠪᠢᠴᠢᠭ᠌ ᠤᠨ ᠣᠷᠴᠢᠭᠤᠯᠭ᠎ᠠ ᠶᠢᠨ ᠠᠵᠢᠯ ᠭᠢᠵᠤ ᠪᠠᠢ᠌ᠭ᠎ᠠ ᠭᠦᠮᠦᠰ ᠳᠤᠰᠬᠠᠢ ᠮᠡᠷᠭᠡᠵᠢᠯ ᠤᠨ ᠳᠤᠰᠢᠶᠠᠯ ᠤᠨ ᠴᠤᠯᠠ ᠣᠯᠪᠠᠯ ᠡᠮᠨᠡᠯᠭᠡ ᠶᠢᠨ ᠳᠠᠭᠠᠤᠠᠬᠠᠯ᠂ ᠣᠷᠤᠨ ᠰᠠᠭᠤᠴᠠ ᠪᠣᠯᠤᠨ ᠵᠠᠮ ᠤᠨ ᠵᠠᠷᠤᠳᠠᠯ ᠵᠡᠷᠭᠡ ᠳᠠᠯ᠎ᠠ ᠪᠠᠷ ᠠᠳᠠᠯᠢ ᠳᠠᠰ ᠤᠨ ᠳᠤᠰᠬᠠᠢ ᠮᠡᠷᠭᠡᠵᠢᠯ ᠤᠨ ᠳᠤᠰᠢᠶᠠᠯ ᠤᠨ ᠴᠤᠯᠠ ᠪᠦᠭᠦᠢ ᠠᠵᠢᠯᠳᠠᠨ ᠤ ᠣᠯᠭᠤᠮᠵᠢ ᠭᠦᠷᠳᠡᠨ᠎ᠡ᠃

ᠠᠷᠪᠠ ᠶ‍ᠢᠰᠦᠳᠦᠭᠡᠷ ᠵᠣᠢ᠌ᠯ ᠡᠯ᠎ᠡ ᠱᠠᠳᠤᠨ ᠤ ᠲᠦᠷᠦ ᠶᠢᠨ ᠪᠠᠢ᠌ᠭᠤᠯᠭ᠎ᠠ᠂ ᠠᠷᠠᠤᠨ ᠤᠨ ᠪᠦᠯᠭᠦᠮ ᠪᠣᠯᠤᠨ ᠠᠵᠢᠯ ᠣᠢ᠌ᠯᠠᠰ ᠤᠨ ᠨᠢᠭᠡᠴᠢ ᠨᠤᠭᠦᠳ ᠳᠤᠮᠤ ᠴᠢᠬᠤᠯᠠ ᠬᠤᠷᠠᠯ ᠴᠤᠭᠯᠠᠭᠠᠨ ᠳᠠᠭᠠᠨ ᠮᠤᠩᠭ᠋ᠤᠯ ᠭᠢᠳᠠᠤᠨ ᠬᠤᠶᠠᠷ ᠲᠦᠷᠦᠯ ᠤᠨ ᠥᠭᠡ ᠭᠡᠯᠡ ᠥᠰᠦᠭ᠌ ᠪᠢᠴᠢᠭ᠌ ᠢ ᠭᠡᠷᠡᠭᠯᠡᠭᠦ ᠭᠡᠷᠡᠭ᠍ᠳᠡᠢ᠃ ᠡᠩ ᠤᠨ ᠬᠤᠷᠠᠯ ᠳᠤ ᠣᠷᠤᠯᠴᠠᠭᠴᠢᠳ ᠤᠨ ᠪᠠᠢ᠌ᠳᠠᠯ ᠳᠤ ᠦᠨᠳᠦᠰᠦᠯᠠᠵᠤ ᠮᠤᠩᠭ᠋ᠤᠯ ᠭᠢᠳᠠᠤᠨ ᠬᠤᠶᠠᠷ ᠲᠦᠷᠦᠯ ᠤᠨ ᠥᠭᠡ ᠭᠡᠯᠡ ᠥᠰᠦᠭ᠌ ᠪᠢᠴᠢᠭ᠌ ᠢ ᠭᠡᠷᠡᠭᠯᠡᠭᠦ ᠭᠡᠷᠡᠭ᠍ᠳᠡᠢ᠃

ᠬᠤᠷᠢᠳᠤᠭᠠᠷ ᠵᠣᠢ᠌ᠯ ᠡᠯ᠎ᠡ ᠱᠠᠳᠤᠨ ᠤ ᠬᠠᠤᠯᠢ ᠴᠠᠭᠠᠵᠠ ᠶᠢᠨ ᠪᠠᠢ᠌ᠭᠤᠯᠭ᠎ᠠ ᠨᠤᠭᠤᠳ ᠬᠠᠤᠯᠢ ᠴᠠᠭᠠᠵᠠ ᠶᠢᠨ ᠠᠵᠢᠯᠯᠠᠭᠠᠨ ᠳᠠᠭᠠᠨ ᠦᠨᠳᠦᠰᠦᠳᠠᠨ ᠨᠤᠭᠦᠳ ᠤᠨ ᠠᠷᠠᠤᠨ ᠢᠷᠭᠡᠤᠨ ᠤᠨ ᠮᠤᠩᠭ᠋ᠤᠯ ᠥᠭᠡ ᠭᠡᠯᠡ ᠥᠰᠦᠭ᠌ ᠪᠢᠴᠢᠭ᠌ ᠶᠢᠡᠷ ᠵᠠᠷᠭᠤᠯᠳᠤᠬᠤ ᠡᠷᠭᠡ ᠴᠢᠯᠦᠭᠡ ᠶᠢ ᠪᠠᠳᠤᠯᠠᠬᠤ ᠭᠡᠷᠡᠭ᠍ᠳᠡᠢ᠃

ᠬᠤᠷᠢᠨ ᠨᠢᠭᠡᠳᠦᠭᠡᠷ ᠵᠣᠢ᠌ᠯ ᠡᠯ᠎ᠡ ᠱᠠᠳᠤᠨ ᠤ ᠵᠠᠭᠢᠳᠠᠯ ᠰᠤᠷᠪᠣᠯᠵᠢᠯᠠᠭ᠎ᠠ ᠶᠢᠨ ᠰᠠᠯᠠᠭ᠎ᠠ ᠮᠦᠴᠢᠷ ᠮᠤᠩᠭ᠋ᠤᠯ ᠥᠭᠡ ᠭᠡᠯᠡ ᠥᠰᠦᠭ᠌ ᠪᠢᠴᠢᠭ᠌ ᠭᠡᠷᠡᠭᠯᠡᠭ᠍ᠴᠢ ᠣᠯᠠᠨ ᠲᠦᠮᠡᠨ ᠤ ᠵᠠᠭᠢᠳᠠᠯ ᠰᠤᠷᠪᠣᠯᠵᠢᠯᠠᠭ᠎ᠠ ᠶᠢ ᠮᠤᠩᠭ᠋ᠤᠯ ᠥᠭᠡ ᠭᠡᠯᠡ ᠥᠰᠦᠭ᠌ ᠪᠢᠴᠢᠭ᠌ ᠶᠢᠡᠷ ᠭᠦᠯᠢᠶᠡᠨ ᠠᠪᠴᠤ ᠰᠢ᠌ᠦᠡᠪᠦᠷᠢᠯᠡᠭᠦ ᠭᠡᠷᠡᠭ᠍ᠳᠡᠢ᠃

ᠬᠤᠷᠢᠨ ᠬᠤᠶᠠᠳᠤᠭᠠᠷ ᠵᠣᠢ᠌ᠯ ᠥᠪᠠᠷᠳᠡᠭᠡᠨ ᠵᠠᠰᠠᠬᠤ ᠣᠷᠤᠨ ᠤ ᠵᠠᠰᠠᠭ ᠵᠠᠭᠢᠷᠭᠠᠨ ᠤ ᠣᠷᠤᠨ ᠤ ᠭᠡᠪᠴᠢᠶᠡᠨ ᠳ᠋ᠠᠭᠢ ᠨᠡᠢ᠌ᠭᠡᠮ ᠤᠨ ᠥᠩᠭᠡᠨ ᠭᠡᠷᠡᠭᠯᠡᠭᠡᠨ ᠤ ᠥᠰᠦᠭ᠌ ᠪᠢᠴᠢᠭ᠌ ᠲᠤ ᠮᠤᠩᠭ᠋ᠤᠯ ᠭᠢᠳᠠᠤᠨ ᠬᠤᠶᠠᠷ ᠲᠦᠷᠦᠯ ᠤᠨ ᠥᠰᠦᠭ᠌ ᠪᠢᠴᠢᠭ᠌ ᠢ ᠵᠡᠷᠭᠡ ᠪᠠᠷ ᠭᠡᠷᠡᠭᠯᠡᠭᠦ ᠭᠡᠷᠡᠭ᠍ᠳᠡᠢ᠃

ᠨᠡᠢ᠌ᠭᠡᠮ ᠤᠨ ᠥᠩᠭᠡᠨ ᠭᠡᠷᠡᠭᠯᠡᠭᠡᠨ ᠤ ᠥᠰᠦᠭ᠌ ᠪᠢᠴᠢᠭ᠌ ᠤᠨ ᠪᠣᠳᠠᠳᠠᠢ ᠬᠠᠮᠢᠶᠠᠷᠤᠯᠳᠠ ᠶᠢᠨ ᠠᠷᠭ᠎ᠠ ᠶᠢ ᠥᠪᠠᠷᠳᠡᠭᠡᠨ ᠵᠠᠰᠠᠬᠤ ᠣᠷᠤᠨ ᠤ ᠠᠷᠠᠤᠨ ᠤᠨ ᠵᠠᠰᠠᠭ ᠤᠨ ᠣᠷᠳᠤᠨ ᠳᠤᠭᠳᠠᠭᠠᠨ᠎ᠠ᠃

ᠬᠤᠷᠢᠨ ᠭᠤᠷᠪᠠᠳᠤᠭᠠᠷ ᠵᠣᠢ᠌ᠯ ᠨᠠᠢ᠌ᠳᠠ ᠶᠢᠨ ᠥᠢᠯᠡᠴᠢᠯᠡᠭᠡᠨ ᠤ ᠠᠵᠢᠯ ᠲᠦᠷᠦᠯ ᠤᠨ ᠭᠢᠨ ᠮᠤᠩᠭ᠋ᠤᠯ ᠥᠭᠡ ᠭᠡᠯᠡ ᠥᠰᠦᠭ᠌ ᠪᠢᠴᠢᠭ᠌ ᠭᠡᠷᠡᠭᠯᠡᠭ᠍ᠴᠢ ᠠᠷᠠᠤᠨ ᠢᠷᠭᠡᠤᠨ ᠲᠤ ᠥᠢᠯᠡᠴᠢᠯᠡᠭᠦ ᠳᠡᠭᠡᠨ ᠮᠤᠩᠭ᠋ᠤᠯ ᠥᠭᠡ ᠭᠡᠯᠡ ᠥᠰᠦᠭ᠌ ᠪᠢᠴᠢᠭ᠌ ᠭᠡᠷᠡᠭᠯᠡᠭᠦ ᠭᠡᠷᠡᠭ᠍ᠳᠡᠢ᠃

ᠬᠤᠷᠢᠨ ᠳᠦᠷᠪᠠᠳᠦᠭᠡᠷ ᠵᠣᠢ᠌ᠯ ᠡᠯ᠎ᠡ ᠱᠠᠳᠤᠨ ᠤ ᠲᠦᠷᠦ ᠶᠢᠨ ᠪᠠᠢ᠌ᠭᠤᠯᠭ᠎ᠠ᠂ ᠠᠷᠠᠤᠨ ᠤᠨ ᠪᠦᠯᠭᠦᠮ ᠪᠣᠯᠤᠨ ᠠᠵᠢᠯ ᠣᠢ᠌ᠯᠠᠰ ᠤᠨ ᠨᠢᠭᠡᠴᠢ ᠨᠤᠭᠦᠳ ᠮᠤᠩᠭ᠋ᠤᠯ ᠭᠢᠳᠠᠤᠨ ᠬᠤᠶᠠᠷ ᠲᠦᠷᠦᠯ ᠤᠨ ᠥᠭᠡ ᠭᠡᠯᠡ ᠥᠰᠦᠭ᠌ ᠪᠢᠴᠢᠭ᠌ ᠢ ᠵᠡᠷᠭᠡ ᠪᠠᠷ ᠡᠵᠡᠮᠰᠢᠭ᠍ᠰᠡᠨ ᠠᠵᠢᠯᠳᠠᠨ ᠢ ᠵᠤᠭᠢᠰᠳᠠᠢ ᠳᠤᠭᠢᠷᠠᠭᠤᠯᠬᠤ ᠭᠡᠷᠡᠭ᠍ᠳᠡᠢ᠃

ᠬᠤᠷᠢᠨ ᠳᠠᠪᠣᠳᠤᠭᠠᠷ ᠵᠣᠢ᠌ᠯ ᠡᠯ᠎ᠡ ᠱᠠᠳᠤᠨ ᠤ ᠲᠦᠷᠦ ᠶᠢᠨ ᠪᠠᠢ᠌ᠭᠤᠯᠭ᠎ᠠ᠂ ᠠᠷᠠᠤᠨ ᠤᠨ ᠪᠦᠯᠭᠦᠮ ᠪᠣᠯᠤᠨ ᠠᠵᠤ ᠠᠬᠤᠢ᠌ᠯᠠᠯ ᠠᠵᠢᠯ ᠣᠢ᠌ᠯᠠᠰ ᠤᠨ ᠨᠢᠭᠡᠴᠢ ᠨᠤᠭᠦᠳ ᠲᠦᠷᠦ ᠶᠢᠨ ᠠᠯᠪᠠᠳᠠᠨ ᠡᠯᠰᠡᠭᠦ᠂ ᠰᠢᠯᠢᠵᠤ ᠳᠡᠪᠰᠢᠭᠦᠯᠭᠦ ᠪᠣᠯᠤᠨ ᠠᠵᠢᠯᠳᠠᠨ ᠣᠷᠢᠵᠤ ᠭᠡᠷᠡᠭᠯᠡᠭᠦ᠂ ᠳᠤᠰᠬᠠᠢ ᠮᠡᠷᠭᠡᠵᠢᠯ ᠤᠨ ᠳᠤᠰᠢᠶᠠᠯ ᠤᠨ ᠴᠤᠯᠠ ᠳᠡᠪᠰᠢᠭᠦ ᠵᠡᠷᠭᠡ ᠡᠯ᠎ᠡ ᠵᠣᠢ᠌ᠯ ᠤᠨ ᠰᠢᠯᠭᠠᠯᠳᠠ ᠳᠤ ᠮᠤᠩᠭ᠋ᠤᠯ ᠶᠢᠡᠷ ᠰᠢᠯᠭᠠᠯᠳᠠ ᠶᠢᠨ ᠰᠠᠳᠤᠪ ᠬᠠᠩᠭ᠋ᠠᠬᠤ ᠭᠡᠷᠡᠭ᠍ᠳᠡᠢ ᠪᠦᠭᠡᠤᠨ ᠰᠢᠯᠭᠠᠭᠤᠯᠤᠭᠴᠢ ᠮᠤᠩᠭ᠋ᠤᠯ ᠥᠭᠡ ᠭᠡᠯᠡ ᠥᠰᠦᠭ᠌ ᠪᠢᠴᠢᠭ᠌ ᠶᠢᠡᠷ ᠠᠮᠠᠨ ᠰᠢᠯᠭᠠᠯᠳᠠ ᠪᠣᠯᠤᠨ ᠪᠢᠴᠢᠭ᠌ ᠤᠨ ᠰᠢᠯᠭᠠᠯᠳᠠ ᠥᠭ᠍ᠴᠤ ᠪᠣᠯᠤᠨ᠎ᠠ᠃ ᠠᠳᠠᠯᠢ ᠨᠥᠭᠦᠴᠡᠯ ᠳᠤ ᠮᠤᠩᠭ᠋ᠤᠯ ᠭᠢᠳᠠᠤᠨ ᠬᠤᠶᠠᠷ ᠲᠦᠷᠦᠯ ᠤᠨ ᠥᠭᠡ ᠭᠡᠯᠡ ᠥᠰᠦᠭ᠌ ᠪᠢᠴᠢᠭ᠌ ᠢ ᠵᠡᠷᠭᠡ ᠪᠠᠷ ᠡᠵᠡᠮᠰᠢᠭ᠍ᠰᠡᠳ ᠢ ᠬᠠᠷᠠᠭᠠᠯᠵᠠᠨ ᠡᠯᠰᠡᠨ᠎ᠡ᠃

ᠬᠤᠷᠢᠨ ᠵᠢᠷᠭᠤᠳᠤᠭᠠᠷ ᠵᠣᠢ᠌ᠯ ᠷᠠᠳᠢᠣ᠋᠂ ᠳᠸᠯᠸᠢᠰ᠂ ᠺᠢᠨᠣ᠋ ᠶᠢᠨ ᠪᠠᠢ᠌ᠭᠤᠯᠤᠮᠵᠢ ᠨᠤᠭᠤᠳ ᠮᠤᠩᠭ᠋ᠤᠯ ᠭᠡᠯᠡ ᠪᠠᠷ ᠠᠵᠢᠯᠯᠠᠬᠤ ᠠᠵᠢᠯᠳᠠᠨ ᠤ ᠡᠩᠨᠡᠭᠡᠨ ᠤ ᠪᠠᠢ᠌ᠭᠤᠯᠤᠯᠳᠠ ᠶᠢ ᠴᠢᠩᠭ᠋ᠠᠤᠠᠬᠠᠵᠤ᠂ ᠣᠯᠠᠨ ᠲᠦᠮᠡᠨ ᠤ ᠱᠠᠭᠠᠷᠳᠠᠯᠭ᠎ᠠ ᠶᠢ ᠬᠠᠩᠭ᠋ᠠᠭᠰᠠᠨ ᠡᠯᠪᠠᠭ᠌ ᠪᠠᠶᠠᠯᠢᠭ ᠠᠭᠤᠯᠭ᠎ᠠ ᠪᠦᠭᠦᠢ ᠮᠤᠩᠭ᠋ᠤᠯ ᠭᠡᠯᠡᠨ ᠤ ᠫᠷᠦᠭ᠍ᠷᠡᠮ ᠪᠣᠯᠤᠨ ᠺᠢᠨᠣ᠋ ᠳᠸᠯᠸᠢᠰ ᠪᠦᠳᠦᠭᠡᠯ ᠨᠠᠢ᠌ᠷᠠᠭᠤᠯᠤᠨ ᠥᠢᠯᠡᠳᠭᠦ ᠭᠡᠷᠡᠭ᠍ᠳᠡᠢ ᠪᠦᠭᠡᠤᠨ ᠨᠡᠪᠳᠡᠷᠡᠭᠦᠯᠭᠦ ᠴᠠᠭ ᠪᠣᠯᠤᠨ ᠣᠳᠠᠭ᠎ᠠ ᠶᠢ ᠨᠡᠮᠡᠭ᠍ᠳᠡᠭᠦᠯᠭᠦ ᠭᠡᠷᠡᠭ᠍ᠳᠡᠢ᠃

ᠡᠯ᠎ᠡ ᠱᠠᠳᠤᠨ ᠤ ᠣᠷᠠᠯᠢᠭ ᠤᠨ ᠪᠦᠯᠭᠦᠮ ᠮᠤᠩᠭ᠋ᠤᠯ ᠭᠡᠯᠡᠨ ᠤ ᠣᠷᠠᠨ ᠰᠠᠢ᠌ᠬᠠᠨ ᠤ ᠫᠷᠦᠭ᠍ᠷᠡᠮ ᠢ ᠨᠡᠮᠡᠭ᠍ᠳᠡᠭᠦᠯᠭᠦ ᠭᠡᠷᠡᠭ᠍ᠳᠡᠢ᠃

ᠬᠤᠷᠢᠨ ᠳᠤᠯᠤᠳᠤᠭᠠᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠮᠤᠩᠭ᠋ᠤᠯ ᠵᠢᠭᠠᠬᠤ ᠮᠠᠲ᠋ᠸᠷᠢᠶᠠᠯ᠂ ᠭᠢᠴᠢᠶᠠᠯ ᠤᠨ ᠭᠠᠳᠠᠨᠠᠭᠢ ᠣᠩᠰᠢᠬᠤ ᠪᠢᠴᠢᠭ᠌᠂ ᠳᠠᠭᠤᠤ ᠳᠦᠷᠰᠦ ᠰᠢᠩᠭᠡᠭᠡᠯᠳᠡ ᠶᠢᠨ ᠥᠢᠯᠡᠳᠭᠦᠨ᠂ ᠮᠤᠩᠭ᠋ᠤᠯ ᠰᠤᠨᠢᠨ ᠰᠡᠳᠭᠦᠯ ᠭᠡᠪᠯᠡᠭᠦᠯᠤᠨ ᠳᠠᠷᠬᠠᠭᠠᠬᠤ ᠠᠵᠢᠯ ᠪᠣᠯᠤᠨ ᠮᠤᠩᠭ᠋ᠤᠯ ᠨᠸᠲ᠋ ᠥᠷᠳᠡᠭᠡᠨ ᠤ ᠪᠠᠢ᠌ᠭᠤᠯᠤᠯᠳᠠ ᠶᠢ ᠳᠡᠳᠭᠦᠨ ᠳᠡᠮᠵᠢᠭᠦ ᠭᠡᠷᠡᠭ᠍ᠳᠡᠢ᠃

ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠣᠯᠠᠨ ᠵᠣᠢ᠌ᠯ ᠤᠨ ᠳᠠᠷᠬᠠᠭᠠᠯᠳᠠ ᠶᠢᠨ ᠵᠠᠮ ᠨᠡᠭᠡᠭᠡᠵᠤ᠂ ᠬᠤᠳᠠᠯᠳᠤᠭᠠᠨ ᠤ ᠪᠣᠯᠤᠨ ᠬᠠᠩᠭ᠋ᠠᠨ ᠪᠣᠷᠤᠯᠠᠭᠤᠯᠬᠤ ᠵᠡᠷᠭᠡ ᠪᠠᠢ᠌ᠭᠤᠯᠤᠮᠵᠢ ᠮᠤᠩᠭ᠋ᠤᠯ ᠨᠤᠮ ᠪᠢᠴᠢᠭ᠌ ᠣᠷᠤᠯᠠᠨ ᠪᠣᠷᠤᠯᠠᠭᠤᠯᠬᠤ ᠶᠢ ᠭᠦᠭᠢᠭᠦᠯᠤᠨ ᠵᠤᠷᠢᠭᠵᠢᠭᠤᠯᠵᠤ᠂ ᠬᠠᠮᠳᠤ ᠨᠠᠢ᠌ᠳᠠ ᠪᠣᠯᠤᠨ ᠬᠤᠪᠢ ᠭᠦᠮᠤᠨ ᠮᠤᠩᠭ᠋ᠤᠯ ᠨᠤᠮ ᠤᠨ ᠳᠡᠯᠭᠡᠭᠦᠷ ᠡᠷᠭᠢᠯᠡᠭᠦ ᠶᠢ ᠰᠠᠨᠠᠭᠠᠴᠢᠯᠠᠬᠤ ᠶᠢᠨ ᠬᠠᠮᠳᠤ ᠲᠦᠷᠦ ᠶᠢᠨ ᠪᠣᠳᠤᠯᠭ᠎ᠠ ᠶᠢᠨ ᠬᠠᠷᠠᠭᠠᠯᠵᠠᠯ ᠥᠵᠡᠭᠦᠯᠭᠦ ᠭᠡᠷᠡᠭ᠍ᠳᠡᠢ᠃

ᠡᠯ᠎ᠡ ᠱᠠᠳᠤᠨ ᠤ ᠰᠢᠠᠬᠤᠧᠨ ᠨᠤᠮ ᠤᠨ ᠳᠡᠯᠭᠡᠭᠦᠷ ᠮᠤᠩᠭ᠋ᠤᠯ ᠨᠤᠮ ᠪᠢᠴᠢᠭ᠌ ᠳᠠᠷᠬᠠᠭᠠᠬᠤ ᠠᠵᠢᠯ ᠢ ᠰᠠᠢ᠌ᠳᠤᠷ ᠭᠢᠭᠦ ᠭᠡᠷᠡᠭ᠍ᠳᠡᠢ ᠪᠦᠭᠡᠤᠨ ᠮᠤᠩᠭ᠋ᠤᠯ ᠨᠤᠮ ᠬᠤᠳᠠᠯᠳᠤᠬᠤ ᠳᠤᠰᠬᠠᠢ ᠯᠡᠩᠭᠦᠢ ᠭᠠᠷᠭᠠᠬᠤ ᠭᠡᠷᠡᠭ᠍ᠳᠡᠢ᠃

ᠬᠤᠷᠢᠨ ᠨᠢ᠋ᠮᠠᠳᠤᠭᠠᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠮᠤᠩᠭ᠋ᠤᠯ ᠷᠠᠳᠢᠣ᠋᠂ ᠳᠸᠯᠸᠢᠰ᠂ ᠺᠢᠨᠣ᠋᠂ ᠰᠤᠨᠢᠨ ᠰᠡᠳᠭᠦᠯ᠂ ᠨᠤᠮ ᠪᠢᠴᠢᠭ᠌ ᠤᠨ ᠭᠡᠪᠯᠡᠯ᠂ ᠨᠸᠲ᠋ ᠥᠷᠳᠡᠭᠡᠨ ᠤ ᠪᠠᠯᠠ ᠣᠷᠤᠭᠤᠯᠤᠯᠳᠠ ᠪᠣᠯᠤᠨ ᠨᠥᠭᠦᠪᠦᠷᠢ ᠮᠥᠩᠭᠦ ᠪᠠᠨ ᠵᠢᠯ ᠳᠠᠷᠠᠭᠠᠯᠠᠨ ᠨᠡᠮᠡᠭ᠍ᠳᠡᠭᠦᠯᠭᠦ ᠭᠡᠷᠡᠭ᠍ᠳᠡᠢ᠃

ᠬᠤᠷᠢ ᠶ‍ᠢᠰᠦᠳᠦᠭᠡᠷ ᠵᠣᠢ᠌ᠯ ᠮᠤᠩᠭ᠋ᠤᠯᠴᠤᠳ ᠲᠦᠪᠯᠡᠷᠠᠨ ᠰᠠᠭᠤᠷᠢᠰᠢᠭᠰᠠᠨ ᠭᠠᠵᠠᠷ ᠣᠷᠤᠨ ᠤ ᠦᠨᠳᠦᠰᠦᠨ ᠱᠠᠳᠤᠨ ᠤ ᠰᠤᠶᠤᠯ ᠤᠨ ᠥᠷᠳᠡᠭᠡ ᠪᠣᠯᠤᠨ ᠨᠤᠮ ᠤᠨ ᠥᠷᠦᠭᠡ ᠮᠤᠩᠭ᠋ᠤᠯ ᠨᠤᠮ ᠪᠢᠴᠢᠭ᠌᠂ ᠰᠤᠨᠢᠨ ᠰᠡᠳᠭᠦᠯ ᠬᠠᠩᠭ᠋ᠠᠵᠤ᠂ ᠮᠤᠩᠭ᠋ᠤᠯ ᠺᠢᠨᠣ᠋ ᠳᠸᠯᠸᠢᠰ ᠤᠨ ᠪᠦᠳᠦᠭᠡᠯ ᠳᠠᠯᠪᠢᠵᠤ ᠰᠤᠨᠢᠷᠬᠠᠭᠤᠯᠬᠤ ᠭᠡᠷᠡᠭ᠍ᠳᠡᠢ᠃


ᠳᠦᠷᠪᠠᠳᠦᠭᠡᠷ ᠪᠦᠯᠦᠭ᠌   ᠰᠢᠡᠵᠢᠯᠡᠭᠦ ᠣᠬᠠᠭᠠᠨ ᠤ ᠰᠤᠳᠤᠯᠤᠯᠳᠠ ᠪᠠ ᠳᠦᠷᠢᠮᠵᠢᠯ᠂ ᠪᠠᠷᠢᠮᠵᠢᠶᠠᠵᠢᠯ


ᠭᠤᠴᠢᠳᠤᠭᠠᠷ ᠵᠣᠢ᠌ᠯ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠰᠢᠡᠵᠢᠯᠡᠭᠦ ᠣᠬᠠᠭᠠᠨ ᠤ ᠰᠤᠳᠤᠯᠤᠯ ᠳᠤ ᠦᠨᠳᠦᠰᠦᠨ ᠣᠨᠤᠯ ᠤᠨ ᠰᠤᠳᠤᠯᠤᠯ ᠪᠣᠯᠤᠨ ᠭᠡᠷᠡᠭᠯᠡᠭᠡᠨ ᠤ ᠣᠨᠤᠯ ᠤᠨ ᠰᠤᠳᠤᠯᠤᠯ ᠢ ᠵᠡᠷᠭᠡ ᠪᠠᠷ ᠴᠢᠬᠤᠯᠠᠴᠢᠯᠠᠬᠤ ᠵᠠᠷᠴᠢᠮ ᠢ ᠪᠠᠷᠢᠮᠳᠠᠯᠠᠵᠤ᠂ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠰᠤᠷᠤᠯᠴᠠᠯᠭ᠎ᠠ ᠭᠡᠷᠡᠭᠯᠡᠭᠡ ᠪᠣᠯᠤᠨ ᠭᠦᠭ᠍ᠵᠢᠯᠳᠡ ᠶᠢ ᠠᠭᠢᠭᠤᠯᠬᠤ ᠭᠡᠷᠡᠭ᠍ᠳᠡᠢ᠃

ᠭᠤᠴᠢᠨ ᠨᠢᠭᠡᠳᠦᠭᠡᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠮᠤᠩᠭ᠋ᠤᠯ ᠭᠡᠯᠡ ᠪᠢᠴᠢᠭ᠌ ᠤᠨ ᠰᠢᠡᠵᠢᠯᠡᠭᠦ ᠣᠬᠠᠭᠠᠨ ᠤ ᠰᠤᠳᠤᠯᠤᠯ ᠤᠨ ᠠᠵᠢᠯ ᠳ᠋ᠠᠭᠢ ᠣᠳᠤᠷᠢᠳᠤᠯᠭ᠎ᠠ ᠪᠠᠨ ᠴᠢᠩᠭ᠋ᠠᠤᠠᠬᠠᠵᠤ᠂ ᠭᠤᠤᠯᠳᠠᠯᠭ᠎ᠠ ᠲᠡᠶ ᠰᠤᠳᠤᠯᠭᠠᠨ ᠤ ᠳᠦᠯᠦᠪᠵᠢᠭᠦᠯᠭᠡ ᠳᠤ ᠣᠷᠤᠭᠤᠯᠵᠤ᠂ ᠳᠤᠰᠬᠠᠢ ᠵᠠᠷᠤᠳᠠᠯ ᠥᠭ᠍ᠴᠤ ᠳᠡᠮᠵᠢᠭᠦ ᠭᠡᠷᠡᠭ᠍ᠳᠡᠢ᠃

ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠡᠷᠳᠡᠮ ᠰᠢᠡᠵᠢᠯᠡᠭᠡᠨ ᠤ ᠪᠠᠢ᠌ᠭᠤᠯᠤᠮᠵᠢ ᠪᠣᠯᠤᠨ ᠬᠤᠯᠪᠣᠭᠳᠠᠯ ᠪᠦᠭᠦᠢ ᠳᠡᠭᠡᠳᠤ ᠰᠤᠷᠭᠠᠭᠤᠯᠢ ᠨᠤᠭᠤᠳ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠡᠷᠳᠡᠮ ᠰᠢᠡᠵᠢᠯᠡᠭᠡᠨ ᠤ ᠠᠵᠢᠯᠳᠠᠨ ᠢ ᠳᠦᠯᠦᠪᠯᠡᠭᠡ ᠲᠡᠶ ᠭᠦᠮᠦᠵᠢᠭᠦᠯᠵᠤ᠂ ᠮᠤᠩᠭ᠋ᠤᠯ ᠭᠡᠯᠡ ᠪᠢᠴᠢᠭ᠌ ᠤᠨ ᠡᠷᠳᠡᠮ ᠰᠢᠡᠵᠢᠯᠡᠭᠡᠨ ᠤ ᠠᠵᠢᠯᠳᠠᠨ ᠤ ᠡᠩᠨᠡᠭᠡ ᠶᠢ ᠳᠠᠰᠤᠷᠠᠯᠳᠠ ᠦᠭᠡᠶ ᠥᠷᠭᠡᠵᠢᠭᠦᠯᠭᠦ ᠭᠡᠷᠡᠭ᠍ᠳᠡᠢ᠃

ᠭᠤᠴᠢᠨ ᠬᠤᠶᠠᠳᠤᠭᠠᠷ ᠵᠣᠢ᠌ᠯ ᠥᠪᠠᠷᠳᠡᠭᠡᠨ ᠵᠠᠰᠠᠬᠤ ᠣᠷᠤᠨ ᠤ ᠠᠷᠠᠤᠨ ᠤᠨ ᠵᠠᠰᠠᠭ ᠤᠨ ᠣᠷᠳᠤᠨ ᠤ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠠᠵᠢᠯ ᠤᠨ ᠪᠠᠢ᠌ᠭᠤᠯᠤᠮᠵᠢ ᠮᠤᠩᠭ᠋ᠤᠯ ᠭᠡᠯᠡ ᠪᠢᠴᠢᠭ᠌ ᠤᠨ ᠳᠦᠷᠢᠮᠵᠢᠯ᠂ ᠪᠠᠷᠢᠮᠵᠢᠶᠠᠵᠢᠯ ᠪᠣᠯᠤᠨ ᠮᠡᠳᠡᠭᠡ ᠵᠠᠩᠭᠢᠵᠢᠯᠳᠠ ᠶᠢᠨ ᠠᠵᠢᠯ ᠢ ᠴᠢᠩᠭ᠋ᠠᠤᠠᠬᠠᠬᠤ ᠭᠡᠷᠡᠭ᠍ᠳᠡᠢ᠃

ᠥᠪᠠᠷᠳᠡᠭᠡᠨ ᠵᠠᠰᠠᠬᠤ ᠣᠷᠤᠨ ᠤ ᠠᠷᠠᠤᠨ ᠤᠨ ᠵᠠᠰᠠᠭ ᠤᠨ ᠣᠷᠳᠤᠨ ᠤ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠠᠵᠢᠯ ᠤᠨ ᠪᠠᠢ᠌ᠭᠤᠯᠤᠮᠵᠢ ᠮᠤᠩᠭ᠋ᠤᠯ ᠭᠡᠯᠡᠨ ᠤ ᠭᠢᠷᠢ ᠭᠡᠮ ᠤᠨ ᠰᠢᠯᠭᠠᠯᠳᠠ ᠶᠢ ᠵᠤᠬᠢᠶᠠᠨ ᠪᠠᠢ᠌ᠭᠤᠯᠵᠤ᠂ ᠮᠤᠩᠭ᠋ᠤᠯ ᠭᠡᠯᠡ ᠪᠠᠷ ᠠᠵᠢᠯᠯᠠᠳᠠᠭ ᠠᠵᠢᠯᠳᠠᠤᠨ ᠲᠤ ᠮᠤᠩᠭ᠋ᠤᠯ ᠭᠡᠯᠡᠨ ᠤ ᠪᠠᠷᠢᠮᠵᠢᠶ᠎ᠠ ᠠᠪᠢᠶᠠᠨ ᠤ ᠪᠣᠯᠪᠠᠰᠤᠷᠠᠯ ᠪᠣᠯᠤᠨ ᠰᠢᠯᠭᠠᠯᠳᠠ ᠭᠢᠭᠦ ᠭᠡᠷᠡᠭ᠍ᠳᠡᠢ᠃

ᠭᠤᠴᠢᠨ ᠭᠤᠷᠪᠠᠳᠤᠭᠠᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠰᠤᠶᠤᠯ ᠤᠨ ᠦᠪ ᠢ ᠬᠠᠮᠠᠭᠠᠯᠠᠬᠤ ᠠᠵᠢᠯ ᠢ ᠴᠢᠩᠭ᠋ᠠᠤᠠᠬᠠᠵᠤ᠂ ᠮᠤᠩᠭ᠋ᠤᠯ ᠡᠷᠳᠡᠨ ᠤ ᠨᠤᠮ ᠪᠢᠴᠢᠭ᠌ ᠢ ᠠᠪᠣᠷᠠᠬᠤ᠂ ᠴᠤᠭᠯᠠᠭᠤᠯᠬᠤ᠂ ᠡᠮᠭᠢᠯᠡᠭᠦ᠂ ᠭᠡᠪᠯᠡᠭᠦᠯᠭᠦ ᠠᠵᠢᠯ ᠢ ᠰᠠᠢ᠌ᠳᠤᠷ ᠭᠢᠭᠦ ᠭᠡᠷᠡᠭ᠍ᠳᠡᠢ᠃

ᠭᠤᠴᠢᠨ ᠳᠦᠷᠪᠠᠳᠦᠭᠡᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠭᠠᠵᠠᠷ ᠣᠷᠤᠨ ᠰᠤᠠᠳᠠᠯᠠᠭᠰᠠᠨ ᠬᠠᠮᠵᠢᠯᠴᠠᠭ᠎ᠠ ᠪᠣᠯᠤᠨ ᠣᠯᠤᠰ ᠬᠤᠭᠤᠷᠤᠠᠳᠤ ᠶᠢᠨ ᠰᠤᠯᠢᠯᠴᠠᠭ᠎ᠠ ᠪᠠᠨ ᠴᠢᠩᠭ᠋ᠠᠤᠠᠬᠠᠬᠤ ᠭᠡᠷᠡᠭ᠍ᠳᠡᠢ᠃


ᠳᠠᠪᠣᠳᠤᠭᠠᠷ ᠪᠦᠯᠦᠭ᠌   ᠬᠠᠤᠯᠢ ᠴᠠᠭᠠᠵᠠ ᠶᠢᠨ ᠬᠠᠷᠢᠭᠤᠴᠠᠯᠭ᠎ᠠ


ᠭᠤᠴᠢᠨ ᠳᠠᠪᠣᠳᠤᠭᠠᠷ ᠵᠣᠢ᠌ᠯ ᠳᠤᠰ ᠳᠦᠷᠢᠮ ᠤᠨ ᠠᠷᠪᠠᠨ ᠵᠢᠷᠭᠤᠳᠤᠭᠠᠷ ᠵᠣᠢ᠌ᠯ ᠤᠨ ᠳᠤᠭᠳᠠᠭᠠᠯ ᠢ ᠵᠦᠷᠢᠴᠠᠪᠠᠯ ᠬᠤᠯᠪᠣᠭᠳᠠᠯ ᠪᠦᠭᠦᠢ ᠰᠠᠯᠠᠭ᠎ᠠ ᠮᠦᠴᠢᠷ ᠡᠴᠡ ᠰᠢᠭᠤᠳ ᠬᠠᠷᠢᠭᠤᠴᠠᠯᠭ᠎ᠠ ᠪᠦᠭᠦᠢ ᠭᠤᠤᠯ ᠬᠠᠮᠢᠶᠠᠷᠤᠭᠴᠢ ᠪᠣᠯᠤᠨ ᠰᠢᠭᠤᠳ ᠬᠠᠷᠢᠭᠤᠴᠠᠯᠭ᠎ᠠ ᠪᠦᠭᠦᠢ ᠪᠣᠰᠤᠳ ᠭᠦᠮᠦᠰ ᠲᠤ ᠬᠠᠤᠯᠢ ᠶᠤᠰᠤ ᠪᠠᠷ ᠵᠠᠰᠠᠭ ᠵᠠᠭᠢᠷᠭᠠᠨ ᠤ ᠰᠢ᠌ᠦᠡᠭᠡᠯ ᠤᠯᠭᠤᠨ᠎ᠠ᠃

ᠭᠤᠴᠢᠨ ᠵᠢᠷᠭᠤᠳᠤᠭᠠᠷ ᠵᠣᠢ᠌ᠯ ᠳᠤᠰ ᠳᠦᠷᠢᠮ ᠤᠨ ᠬᠤᠷᠢᠨ ᠬᠤᠶᠠᠳᠤᠭᠠᠷ ᠵᠣᠢ᠌ᠯ ᠤᠨ ᠨᠢᠭᠡᠳᠦᠭᠡᠷ ᠪᠠᠳᠠᠭ ᠤᠨ ᠳᠤᠭᠳᠠᠭᠠᠯ ᠢ ᠵᠦᠷᠢᠴᠠᠪᠠᠯ ᠬᠤᠰᠢᠭᠤ ᠰᠢᠶᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠤ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠠᠵᠢᠯ ᠤᠨ ᠵᠠᠰᠠᠭ ᠵᠠᠭᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠠᠷᠯᠢᠭᠳᠠᠵᠤ ᠪᠠᠢ᠌ᠭᠠᠤᠨ ᠬᠤᠭᠤᠴᠠᠭ᠎ᠠ ᠭᠢᠵᠠᠭᠠᠷᠯᠠᠨ ᠵᠠᠯᠠᠷᠠᠭᠤᠯᠤᠨ᠎ᠠ᠃ ᠭᠢᠵᠠᠭᠠᠷᠯᠠᠭᠰᠠᠨ ᠬᠤᠭᠤᠴᠠᠭᠠᠨ ᠳᠤ ᠦᠯᠦ ᠵᠠᠯᠠᠷᠠᠭᠤᠯᠤᠭᠴᠢᠳ ᠢ 300 ᠳᠦᠭᠦᠷᠢᠭ᠌ ᠡᠴᠡ ᠳᠡᠭᠡᠭ᠍ᠰᠢᠭᠢ 2000 ᠳᠦᠭᠦᠷᠢᠭ᠌ ᠡᠴᠡ ᠳᠤᠷᠤᠭᠰᠢᠭᠢ ᠵᠤᠭᠤᠰ ᠶᠢᠡᠷ ᠲᠤᠷᠭᠤᠨ᠎ᠠ᠃

ᠭᠤᠴᠢᠨ ᠳᠤᠯᠤᠳᠤᠭᠠᠷ ᠵᠣᠢ᠌ᠯ ᠳᠤᠰ ᠳᠦᠷᠢᠮ ᠤᠨ ᠪᠣᠰᠤᠳ ᠵᠣᠢ᠌ᠯ ᠪᠠᠳᠠᠭ ᠤᠨ ᠳᠤᠭᠳᠠᠭᠠᠯ ᠤᠳ ᠢ ᠵᠦᠷᠢᠴᠠᠪᠠᠯ ᠳᠡᠭᠡᠳᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠵᠠᠷᠯᠢᠭᠳᠠᠨ ᠵᠠᠯᠠᠷᠠᠭᠤᠯᠤᠨ᠎ᠠ᠃ ᠵᠠᠯᠠᠷᠠᠭᠤᠯᠬᠤ ᠶᠢ ᠳᠡᠪᠴᠢᠭ᠍ᠰᠡᠳ ᠢ ᠡᠷᠭᠡᠪᠰᠢ ᠰᠢ᠌ᠦᠡᠪᠦᠷᠢᠯᠡᠭᠦ ᠭᠡᠷᠡᠭ᠍ᠳᠡᠢ᠃

ᠭᠤᠴᠢᠨ ᠨᠢ᠋ᠮᠠᠳᠤᠭᠠᠷ ᠵᠣᠢ᠌ᠯ ᠲᠦᠷᠦ ᠶᠢᠨ ᠪᠠᠢ᠌ᠭᠤᠯᠭ᠎ᠠ ᠶᠢᠨ ᠠᠵᠢᠯᠳᠠᠨ ᠡᠷᠭᠡ ᠳᠤᠰᠢᠶᠠᠯ ᠶᠢᠡᠨ ᠭᠦᠢᠴᠡᠳᠭᠡᠭᠦ ᠦᠶᠡᠰ ᠮᠤᠩᠭ᠋ᠤᠯ ᠥᠭᠡ ᠭᠡᠯᠡ ᠥᠰᠦᠭ᠌ ᠪᠢᠴᠢᠭ᠌ ᠭᠡᠷᠡᠭᠯᠡᠭᠦ ᠭᠡᠷᠡᠭ᠍ᠳᠡᠢ ᠪᠠᠢ᠌ᠳᠠᠯ᠎ᠠ ᠭᠡᠷᠡᠭᠯᠡᠭ᠍ᠰᠡᠨ ᠦᠭᠡᠶ ᠪᠣᠶᠤ ᠠᠷᠠᠤᠨ ᠢᠷᠭᠡᠤᠨ ᠤᠨ ᠮᠤᠩᠭ᠋ᠤᠯ ᠥᠭᠡ ᠭᠡᠯᠡ ᠥᠰᠦᠭ᠌ ᠪᠢᠴᠢᠭ᠌ ᠭᠡᠷᠡᠭᠯᠡᠭᠦ ᠶᠢ ᠬᠠᠷᠰᠢᠯᠠᠵᠤ᠂ ᠭᠦᠡᠳᠤ ᠨᠤᠴᠢᠳᠠᠢ ᠦᠷ᠎ᠡ ᠳ᠋ᠦ᠋ᠩ ᠭᠠᠷᠭᠠᠭᠰᠠᠨ ᠪᠠᠢ᠌ᠪᠠᠯ ᠬᠤᠯᠪᠣᠭᠳᠠᠯ ᠪᠦᠭᠦᠢ ᠰᠠᠯᠠᠭ᠎ᠠ ᠮᠦᠴᠢᠷ ᠡᠴᠡ ᠵᠠᠰᠠᠭ ᠵᠠᠭᠢᠷᠭᠠᠨ ᠤ ᠰᠢ᠌ᠦᠡᠭᠡᠯ ᠤᠯᠭᠤᠨ᠎ᠠ᠃

ᠭᠤᠴᠢ ᠶ‍ᠢᠰᠦᠳᠦᠭᠡᠷ ᠵᠣᠢ᠌ᠯ ᠬᠤᠰᠢᠭᠤ ᠰᠢᠶᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠤ ᠮᠤᠩᠭ᠋ᠤᠯ ᠥᠭᠡ ᠭᠡᠯᠡ ᠥᠰᠦᠭ᠌ ᠪᠢᠴᠢᠭ᠌ ᠤᠨ ᠠᠵᠢᠯ ᠤᠨ ᠪᠠᠢ᠌ᠭᠤᠯᠤᠮᠵᠢ ᠶᠢᠨ ᠠᠵᠢᠯᠳᠠᠨ ᠭᠢᠨᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠤᠰᠤ ᠪᠠᠷ ᠭᠦᠢᠴᠡᠳᠭᠡᠭᠦ ᠦᠭᠡᠶ ᠪᠣᠶᠤ ᠬᠠᠤᠯᠢ ᠪᠣᠰᠤ ᠠᠵᠢᠯᠯᠠᠭ᠎ᠠ ᠶᠢ ᠪᠠᠢ᠌ᠴᠠᠭᠠᠵᠤ ᠰᠢ᠌ᠦᠡᠪᠦᠷᠢᠯᠡᠭᠦ ᠦᠭᠡᠶ ᠪᠣᠯ ᠬᠤᠯᠪᠣᠭᠳᠠᠯ ᠪᠦᠭᠦᠢ ᠰᠠᠯᠠᠭ᠎ᠠ ᠮᠦᠴᠢᠷ ᠡᠴᠡ ᠰᠢᠭᠤᠳ ᠬᠠᠷᠢᠭᠤᠴᠠᠯᠭ᠎ᠠ ᠪᠦᠭᠦᠢ ᠭᠤᠤᠯ ᠬᠠᠮᠢᠶᠠᠷᠤᠭᠴᠢ ᠪᠣᠯᠤᠨ ᠰᠢᠭᠤᠳ ᠬᠠᠷᠢᠭᠤᠴᠠᠯᠭ᠎ᠠ ᠪᠦᠭᠦᠢ ᠪᠣᠰᠤᠳ ᠭᠦᠮᠦᠰ ᠲᠤ ᠬᠠᠤᠯᠢ ᠶᠤᠰᠤ ᠪᠠᠷ ᠵᠠᠰᠠᠭ ᠵᠠᠭᠢᠷᠭᠠᠨ ᠤ ᠰᠢ᠌ᠦᠡᠭᠡᠯ ᠤᠯᠭᠤᠨ᠎ᠠ᠃


ᠵᠢᠷᠭᠤᠳᠤᠭᠠᠷ ᠪᠦᠯᠦᠭ᠌   ᠳᠠᠭᠠᠯᠳᠤᠭᠤᠯᠤᠭᠰᠠᠨ ᠳᠦᠷᠢᠮ


ᠳᠦᠴᠢᠳᠦᠭᠡᠷ ᠵᠣᠢ᠌ᠯ ᠳᠤᠰ ᠳᠦᠷᠢᠮ ᠢ 2005 ᠣᠨ ᠤ 5 ᠰᠠᠷ᠎ᠠ ᠶᠢᠨ 1 ᠊ᠤ ᠡᠳᠦᠷ ᠡᠴᠡ ᠡᠭᠢᠯᠡᠨ ᠭᠡᠷᠡᠭ᠍ᠵᠢᠭᠦᠯᠦᠨ᠎ᠡ᠃


ᠬᠠᠷᠢᠶ᠎ᠠ᠄ ᠬᠠᠤᠯᠢ ᠳᠦᠷᠢᠮ
ᠳᠠᠷᠤᠮ᠄ 15533
ᠴᠠᠭ᠄ 2005 ᠤᠨ ᠤ 11 ᠰᠠᠷ᠎ᠠ ᠶᠢᠨ 23
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ