ᠨᠡᠪᠲᠡᠷᠡᠨ ᠤᠷᠤᠬᠤ
ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠬᠢᠶᠠᠨ ᠪᠢᠴᠢᠯᠭᠡ ᠶᠢᠨ ᠵᠢᠭᠠᠨ ᠵᠢᠯᠤᠭᠤᠳᠤᠯᠭ᠎ᠠ ᠳᠤᠮᠳᠠᠭᠢ ᠭᠡᠳᠤᠨ ᠳᠠᠯ᠎ᠠ ᠶᠢᠨ ᠳᠤᠷᠰᠢᠯᠳᠠ

ᠣᠯᠠᠨ ᠵᠢᠯ ᠤᠨ ᠵᠢᠭᠠᠨ ᠰᠤᠷᠭᠠᠯᠳᠠ ᠶᠢᠨ ᠳᠤᠮᠳᠠ ᠰᠤᠷᠤᠭᠴᠢᠳ ᠤᠨ ᠵᠤᠬᠢᠶᠠᠨ ᠪᠢᠴᠢᠭᠦ ᠴᠢᠳᠠᠪᠣᠷᠢ ᠶᠢ ᠳᠡᠭᠡᠭ᠍ᠰᠢᠯᠡᠭᠦᠯᠭᠦ ᠶᠢᠨ ᠳᠤᠰᠠᠳᠠ ᠬᠤᠪᠢ ᠭᠦᠮᠤᠨ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠬᠢᠶᠠᠨ ᠪᠢᠴᠢᠯᠭᠡ ᠶᠢᠨ ᠵᠢᠭᠠᠨ ᠵᠢᠯᠤᠭᠤᠳᠤᠯᠭ᠎ᠠ ᠶᠢᠨ ᠳᠠᠯ᠎ᠠ ᠪᠠᠷ ᠣᠯᠠᠨ ᠵᠣᠢ᠌ᠯ ᠤᠨ ᠳᠤᠷᠰᠢᠯᠳᠠ ᠶᠢ ᠭᠢᠵᠤ᠂ ᠮᠡᠳᠡᠭ᠍ᠳᠡᠭᠦᠢᠴᠡ ᠦᠷ᠎ᠡ ᠠᠰᠢᠭ ᠢ ᠣᠯᠤᠭᠰᠠᠨ ᠪᠠᠢ᠌ᠨ᠎ᠠ᠃

ᠨᠢᠭᠡ᠂ ᠰᠤᠷᠤᠭᠴᠢᠳ ᠤᠨ ᠵᠤᠬᠢᠶᠠᠯ ᠪᠢᠴᠢᠭᠦ ᠳᠤᠷ᠎ᠠ ᠪᠠᠬ᠎ᠠ ᠶᠢ ᠭᠦᠭ᠍ᠵᠢᠭᠡᠭᠦ ᠶᠢ ᠣᠠᠴᠠ ᠠᠩᠬᠠᠷᠤᠭᠰᠠᠨ ᠪᠠᠢ᠌ᠨ᠎ᠠ᠃

ᠰᠠᠳᠭᠢᠴᠠ ᠵᠦᠢ ᠶᠢᠨ ᠣᠬᠠᠭᠠᠨ ᠳᠤ᠄ 《ᠳᠤᠷ᠎ᠠ ᠪᠠᠬ᠎ᠠ ᠪᠣᠯ ᠨᠢᠭᠡ ᠵᠣᠢ᠌ᠯ ᠤᠨ ᠳᠤᠳᠤᠭᠠᠳᠤ ᠭᠦᠳᠡᠯᠭᠡᠭᠦ ᠭᠦᠴᠤᠨ ᠮᠦᠨ》 ᠭᠡᠵᠤ ᠶᠠᠷᠢᠭᠰᠠᠨ ᠪᠠᠢ᠌ᠳᠠᠭ᠃ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠬᠢᠶᠠᠨ ᠪᠢᠴᠢᠯᠭᠡ ᠶᠢᠨ ᠵᠢᠭᠠᠨ ᠵᠢᠯᠤᠭᠤᠳᠤᠯᠭ᠎ᠠ ᠳᠤ ᠪᠠᠭᠰᠢ ᠡᠴᠠ ᠰᠤᠷᠤᠭᠴᠢ ᠶᠢᠨ ᠵᠤᠬᠢᠶᠠᠨ ᠪᠢᠴᠢᠭᠦ ᠳᠤᠷ᠎ᠠ ᠪᠠᠬ᠎ᠠ ᠶᠢ ᠭᠦᠭ᠍ᠵᠢᠭᠡᠵᠤ ᠳᠡᠢ᠌ᠯᠭᠦ ᠳᠤ ᠭᠦᠷᠪᠠᠯ ᠰᠠ‍‌ᠶᠢ ᠰᠤᠷᠤᠭᠴᠢ ᠦᠪᠡᠷ ᠤᠨ ᠳᠤᠷᠠᠰᠢᠯ ᠡᠴᠠ ᠪᠠᠨ ᠵᠤᠷᠢᠯᠭ᠎ᠠ ᠲᠡᠶ ᠪᠠᠷ ᠵᠤᠬᠢᠶᠠᠨ ᠪᠢᠴᠢᠵᠤ᠂ ᠦᠪᠡᠷ ᠤᠨ ᠵᠤᠬᠢᠶᠠᠵᠤ ᠪᠢᠴᠢᠭᠦ ᠠᠪᠢᠶᠠᠰ ᠴᠢᠳᠠᠪᠣᠷᠢ ᠪᠠᠨ ᠠᠭᠠᠵᠢᠮ ᠠᠭᠠᠵᠢᠮ ᠶᠢᠡᠷ ᠢᠯᠡᠷᠡᠭᠦᠯᠭᠦ ᠶᠤᠮ᠃ ᠡᠨᠡ ᠨᠢ ᠶᠠᠭ ᠣᠷᠤᠰ ᠤᠨ ᠠᠯᠳᠠᠷᠳᠤ ᠵᠤᠬᠢᠶᠠᠯᠴᠢ ᠴᠸᠺᠦᠧ ᠶᠢᠨ ᠭᠡᠯᠡᠭ᠍ᠰᠡᠡᠴᠢᠯᠡᠨ᠄ 《ᠵᠥᠪᠭᠡᠨ ᠭᠦᠮᠦᠰ ᠤᠨ ᠳᠤᠷ᠎ᠠ ᠭᠦᠰᠡᠯ ᠣᠷᠭᠢᠯᠵᠤ᠂ ᠳᠠᠰᠤᠷᠠᠯᠳᠠ ᠦᠭᠡᠶ ᠳᠠᠪᠰᠢᠬᠤ ᠶᠢ ᠭᠦᠰᠡᠵᠤ᠂ ᠦᠪᠡᠷ ᠤᠨ ᠪᠣᠳᠤᠵᠤ ᠰᠠᠳᠭᠢᠵᠤ ᠪᠠᠢ᠌ᠭ᠎ᠠ ᠵᠣᠢ᠌ᠯ ᠶᠢᠡᠨ ᠢᠯᠡᠳᠭᠡᠨ ᠭᠠᠷᠭᠠᠬᠤ ᠦᠶᠡᠰ ᠰᠠ‍‌ᠶᠢ ᠵᠤᠬᠢᠶᠠᠨ ᠪᠢᠴᠢᠯᠭᠡ ᠳ᠋ᠠᠭᠢ ᠣᠯᠠᠨ ᠳᠠᠯ᠎ᠠ ᠶᠢᠨ ᠰᠡᠳᠬᠢᠯᠭᠡ ᠭᠢᠭᠡᠳ ᠥᠩᠭᠡ ᠪᠣᠳᠤᠭ ᠢᠯᠡᠷᠡᠳᠡᠭ᠌》 ᠭᠡᠰᠡᠨ ᠢ ᠳᠤᠰᠬᠠᠭᠰᠠᠨ ᠪᠠᠢ᠌ᠨ᠎ᠠ᠃ ᠰᠤᠷᠤᠭᠴᠢ ᠶᠢᠨ ᠵᠤᠬᠢᠶᠠᠨ ᠪᠢᠴᠢᠭᠦ ᠳᠤᠷ᠎ᠠ ᠪᠠᠬ᠎ᠠ ᠶᠢ ᠭᠦᠭ᠍ᠵᠢᠭᠡᠭᠦ ᠳᠡᠭᠡᠨ ᠵᠤᠬᠢᠶᠠᠯ ᠰᠠᠢ᠌ᠨ ᠪᠢᠴᠢᠭᠦ ᠶᠢᠨ ᠠᠴᠢ ᠳᠤᠰᠠ ᠶᠢ ᠭᠦᠡᠵᠡᠭᠡᠢ ᠮᠡᠳᠡᠭᠦᠯᠪᠠᠯ ᠵᠤᠭᠢᠨ᠎ᠠ᠃ ᠦᠷᠭᠦᠯᠵᠢ ᠵᠤᠬᠢᠶᠠᠯ ᠢ ᠵᠥᠭᠡᠷ ᠪᠢᠴᠢᠵᠤ ᠪᠠᠢ᠌ᠭ᠎ᠠ ᠰᠤᠷᠤᠭᠴᠢ ᠶᠢᠨ ᠠᠮᠵᠢᠯᠳᠠ ᠲᠡᠶ ᠳᠠᠯ᠎ᠠ ᠶᠢ ᠢᠯᠡᠭᠦᠤ ᠮᠠᠭᠳᠠᠨ ᠦᠨᠡᠯᠠᠵᠤ᠂ ᠣᠯᠠᠮ ᠵᠤᠷᠢᠭ ᠲᠡᠶ ᠮᠦᠷᠳᠡᠭᠡᠨ ᠴᠢᠨᠠᠷᠯᠢᠭ ᠪᠢᠴᠢᠭᠦ ᠳᠤ ᠭᠦᠳᠦᠯᠤᠨ᠎ᠡ᠃ ᠦᠪᠡᠷ ᠶᠢᠡᠨ ᠵᠤᠬᠢᠶᠠᠯ ᠤᠨ ᠭᠠᠷᠴᠠᠭ ᠳᠤᠭᠳᠠᠭᠠᠬᠤ᠂ ᠥᠵᠡᠭ᠍ᠰᠡᠨ ᠰᠤᠨᠤᠰᠤᠭᠰᠠᠨ ᠶᠢᠡᠨ ᠡᠮᠭᠢᠯᠡᠵᠤ ᠪᠢᠴᠢᠭᠦ ᠪᠣᠶᠤ ᠨᠤᠮ ᠰᠡᠳᠭᠦᠯ ᠡᠴᠡ ᠣᠩᠰᠢᠵᠤ ᠪᠠᠬᠠᠷᠤᠭᠰᠠᠨ ᠭᠡᠰᠡᠭ᠌ ᠪᠠᠳᠠᠭ ᠢ ᠬᠠᠭᠤᠯᠵᠤ ᠳᠡᠮᠳᠡᠭᠯᠡᠭᠦ ᠨᠢ ᠪᠦᠷ ᠰᠤᠷᠤᠭᠴᠢᠳ ᠤᠨ ᠵᠤᠬᠢᠶᠠᠨ ᠪᠢᠴᠢᠭᠦ ᠳᠤᠷ᠎ᠠ ᠪᠠᠬ᠎ᠠ ᠶᠢ ᠭᠦᠭ᠍ᠵᠢᠭᠡᠵᠤ ᠪᠣᠯᠳᠠᠭ᠃

ᠬᠤᠶᠠᠷ᠂ ᠰᠤᠷᠤᠭᠴᠢ ᠶᠢᠨ ᠪᠣᠳᠠᠳᠤ ᠠᠮᠢᠳᠤᠷᠠᠯ ᠳᠤ ᠢᠯᠡᠭᠦᠤ ᠤᠢ᠌ᠷᠠᠳᠬᠤ ᠶᠢ ᠰᠠᠨᠠᠭᠤᠯᠬᠤ ᠶᠢᠨ ᠬᠠᠮᠳᠤ ᠠᠮᠢᠳᠤᠷᠠᠯ ᠡᠴᠡ ᠮᠠᠲ᠋ᠸᠷᠢᠶᠠᠯ ᠬᠤᠷᠠᠮᠳᠤᠭᠤᠯᠬᠤ ᠶᠢ ᠨᠢ ᠵᠤᠷᠢᠭᠵᠢᠭᠤᠯᠤᠭᠰᠠᠨ ᠪᠠᠢ᠌ᠨ᠎ᠠ᠃

ᠠᠮᠢᠳᠤᠷᠠᠯ ᠪᠣᠯ ᠵᠤᠬᠢᠶᠠᠨ ᠪᠢᠴᠢᠭᠦ ᠶᠢᠨ ᠡᠭᠢ ᠪᠣᠯᠠᠭ ᠮᠦᠨ᠃ ᠡᠢ᠌ᠮᠤ ᠡᠴᠡ ᠨᠢᠭᠡᠨ ᠵᠤᠬᠢᠶᠠᠯ ᠨᠢ ᠭᠦᠮᠦᠰ ᠲᠤ ᠢᠳᠡᠭᠡᠭᠦᠯᠭᠦ ᠭᠦᠴᠤᠨ ᠶᠢᠡᠷ ᠴᠢᠩᠭ᠎ᠠ ᠪᠠᠢ᠌ᠳᠠᠭ ᠨᠢ ᠳᠡᠭᠦᠨ ᠤ ᠰᠤᠩᠭ᠋ᠤᠭᠰᠠᠨ ᠰᠠᠳᠤᠪ ᠮᠠᠲ᠋ᠸᠷᠢᠶᠠᠯ ᠨᠢ ᠠᠮᠢᠳᠤᠷᠠᠯ ᠳᠤ ᠰᠠᠭᠤᠷᠢᠯᠠᠭᠰᠠᠨ ᠡᠴᠡ ᠪᠣᠯᠤᠭᠰᠠᠨ ᠪᠠᠢ᠌ᠬ᠎ᠠ ︕ ᠭᠡᠷᠪᠡ ᠠᠯᠢ ᠨᠢᠭᠡ ᠰᠤᠷᠤᠭᠴᠢ ᠠᠮᠢᠳᠤᠷᠠᠯ ᠳᠤ ᠢᠯᠡᠭᠦᠭᠡᠨ ᠤᠢ᠌ᠷᠠᠳᠴᠤ᠂ ᠠᠷᠰᠠᠷ ᠵᠣᠢ᠌ᠯ ᠢ ᠴᠤ ᠠᠯᠳᠠᠯ ᠦᠭᠡᠶ ᠠᠵᠢᠭᠯᠠᠵᠤ ᠳᠡᠮᠳᠡᠭᠯᠡᠵᠤ ᠪᠠᠢ᠌ᠪᠠᠯ ᠳᠡᠭᠦᠨ ᠤ ᠪᠢᠴᠢᠭ᠍ᠰᠡᠨ ᠵᠤᠬᠢᠶᠠᠯ ᠨᠢ ᠥᠩᠭᠡ ᠪᠣᠳᠤᠭ ᠨᠢ ᠦᠳᠭᠡᠨ᠂ ᠢᠳᠠ ᠭᠦᠴᠤᠨ ᠨᠢ ᠪᠢᠯᠬᠠᠮ᠎ᠠ ᠪᠣᠯᠳᠠᠭ᠃ ᠡᠢ᠌ᠮᠤ ᠡᠴᠡ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠬᠢᠶᠠᠨ ᠪᠢᠴᠢᠯᠭᠡ ᠶᠢ ᠵᠢᠭᠠᠨ ᠵᠢᠯᠤᠭᠤᠳᠬᠤ ᠳᠠᠭᠠᠨ ᠰᠤᠷᠤᠭᠴᠢᠳ ᠲᠤ ᠳᠤᠭᠳᠠᠭᠰᠠᠨ ᠬᠤᠭᠤᠴᠠᠭ᠎ᠠ ᠲᠡᠶ ᠪᠠᠷ ᠠᠵᠢᠭᠯᠠᠯᠳᠠ ᠭᠢᠯᠭᠡᠭᠦ᠂ ᠣᠷᠴᠢᠨ ᠳᠤᠭᠤᠷᠢᠨ ᠤ ᠭᠡᠷᠡᠭ᠌ ᠪᠣᠳᠠᠰ ᠢ ᠢᠯᠡᠭᠦᠭᠡᠨ ᠦᠵᠡᠵᠤ ᠰᠤᠨᠢᠷᠬᠠᠬᠤ ᠶᠢ ᠠᠩᠬᠠᠷᠤᠭᠤᠯᠵᠤ᠂ ᠳᠠᠳᠠᠨ ᠤ ᠢᠯᠡᠭᠦᠭᠡᠨ ᠰᠤᠨᠤᠰᠬᠤ᠂ ᠢᠯᠡᠭᠦᠭᠡᠨ ᠰᠡᠳᠭᠢᠭᠦ᠂ ᠢᠯᠡᠭᠦᠭᠡᠨ ᠠᠰᠠᠭᠤᠬᠤ᠂ ᠢᠯᠡᠭᠦᠭᠡᠨ ᠳᠡᠮᠳᠡᠭᠯᠡᠭᠦ ᠶᠢ ᠶᠠᠷᠤᠳᠠ ᠶᠢᠨ ᠵᠠᠩᠰᠢᠯ ᠪᠣᠯᠭᠠᠨ ᠭᠦᠮᠦᠵᠢᠭᠦᠯᠵᠡᠢ᠃

ᠭᠤᠷᠪᠠ᠂ ᠰᠤᠷᠤᠭᠴᠢ ᠶᠢᠨ ᠣᠩᠰᠢᠵᠤ ᠪᠢᠴᠢᠭᠦ ᠶᠢ ᠴᠢᠩᠭ᠎ᠠ ᠨᠢᠭᠡᠳᠭᠡᠭ᠍ᠰᠡᠨ ᠪᠠᠢ᠌ᠨ᠎ᠠ᠃

ᠵᠤᠬᠢᠶᠠᠨ ᠪᠢᠴᠢᠭᠦ ᠶᠢ ᠵᠢᠭᠠᠨ ᠵᠢᠯᠤᠭᠤᠳᠬᠤ ᠨᠢ ᠣᠩᠰᠢᠯᠭ᠎ᠠ ᠶᠢᠨ ᠵᠢᠭᠠᠨ ᠰᠤᠷᠭᠠᠯᠳᠠ ᠲᠡᠶ ᠨᠢᠭᠳᠠ ᠬᠠᠷᠢᠴᠠᠭ᠎ᠠ ᠲᠡᠶ ᠮᠦᠷᠳᠡᠭᠡᠨ ᠬᠠᠷᠢᠯᠴᠠᠨ ᠠᠪᠣᠴᠠᠯᠳᠤᠵᠤ ᠪᠠᠢ᠌ᠳᠠᠭ᠃ ᠰᠤᠷᠤᠭᠴᠢᠳ ᠣᠩᠰᠢᠯᠭ᠎ᠠ ᠶᠢᠨ ᠶᠠᠪᠣᠴᠠ ᠳᠤ ᠪᠠᠨ ᠣᠯᠠᠨ ᠳᠠᠯ᠎ᠠ ᠶᠢᠨ ᠮᠡᠳᠡᠯᠭᠡ ᠬᠤᠷᠠᠮᠳᠤᠭᠤᠯᠬᠤ ᠪᠠᠷ ᠪᠠᠷᠠᠬᠤ ᠦᠭᠡᠶ ᠪᠢᠴᠢᠵᠤ ᠢᠯᠡᠳᠭᠡᠭᠦ ᠴᠢᠳᠠᠪᠣᠷᠢ ᠨᠢ ᠴᠤ ᠠᠭᠠᠵᠢᠮ ᠠᠭᠠᠵᠢᠮ ᠶᠢᠡᠷ ᠳᠡᠭᠡᠭ᠍ᠰᠢᠯᠡᠳᠡᠭ᠌ ᠶᠤᠮ᠃ ᠡᠢ᠌ᠮᠤ ᠡᠴᠡ ᠪᠢ ᠶᠠᠷᠤᠳᠠ ᠶᠢᠨ ᠭᠢᠴᠢᠶᠡᠯᠯᠡᠭᠡ ᠳᠤ ᠪᠠᠨ ᠳᠤᠤᠷᠠᠭᠢ ᠭᠤᠷᠪᠠᠨ ᠳᠠᠯ᠎ᠠ ᠶᠢ ᠣᠠᠴᠠ ᠠᠩᠬᠠᠷᠤᠭᠰᠠᠨ ᠪᠠᠢ᠌ᠨ᠎ᠠ᠄

1 ᠥᠭᠦᠯᠡᠪᠦᠷᠢ ᠶᠢᠨ ᠪᠣᠯᠪᠠᠰᠤᠷᠠᠯ ᠢ ᠴᠢᠩᠭ᠋ᠠᠳᠬᠠᠵᠤ᠂ ᠠᠮᠠᠨ ᠥᠭᠦᠯᠡᠪᠦᠷᠢ ᠶᠠᠷᠢᠬᠤ ᠶᠢ ᠭᠦᠡᠳᠦᠳᠭᠡᠨ ᠥᠵᠡᠭ᠍ᠰᠡᠨ ᠪᠠᠢ᠌ᠨ᠎ᠠ᠃

2 ᠰᠤᠷᠤᠭᠴᠢᠳ ᠤᠨ ᠤᠩᠰᠢᠯᠭ᠎ᠠ ᠳᠤᠮᠳᠠ ᠪᠠᠨ ᠳᠡᠮᠳᠡᠭᠯᠡᠯ ᠭᠢᠭᠦ ᠶᠢ ᠴᠢᠬᠤᠯᠠᠴᠢᠯᠠᠭᠰᠠᠨ ᠪᠠᠢ᠌ᠨ᠎ᠠ᠃

3 ᠰᠤᠷᠤᠭᠴᠢ ᠶᠢᠨ ᠳᠤᠭᠤᠭᠰᠠᠨ ᠵᠤᠬᠢᠶᠠᠯ ᠶᠢᠡᠨ ᠳᠠᠭᠤᠷᠢᠶᠠᠨ ᠪᠢᠴᠢᠭᠦ ᠶᠢ ᠨᠢ ᠵᠤᠷᠢᠭᠵᠢᠭᠤᠯᠤᠭᠰᠠᠨ ᠪᠠᠢ᠌ᠨ᠎ᠠ᠃

ᠳᠦᠷᠪᠠ᠂ 《ᠵᠤᠬᠢᠶᠠᠯ ᠤᠨ ᠰᠤᠩᠭ᠋ᠤᠮᠠᠯ》 ᠭᠠᠷᠭᠠᠵᠤ ᠰᠤᠷᠤᠭᠴᠢᠳ ᠤᠨ ᠣᠷᠮᠠᠰᠢᠯ ᠢ ᠳᠠᠳᠠᠭᠰᠠᠨ ᠪᠠᠢ᠌ᠨ᠎ᠠ᠃

ᠪᠢᠴᠢᠬᠠᠨ ᠬᠡᠦᠬᠡᠳ ᠦᠪᠡᠷ ᠤᠨ ᠭᠢᠭ᠍ᠰᠡᠨ ᠪᠦᠳᠦᠭᠡᠭ᠍ᠰᠡᠨ ᠵᠣᠢ᠌ᠯ ᠶᠢᠡᠨ ᠣᠯᠠᠨ ᠤ ᠡᠮᠤᠨ᠎ᠡ ᠢᠯᠡᠷᠡᠭᠦᠯᠦᠭᠡᠳ ᠥᠵᠡᠭᠦᠯᠪᠠᠯ ᠭᠢᠵᠠᠭᠠᠯᠠᠰᠢ ᠦᠭᠡᠶ ᠣᠮᠤᠭᠰᠢᠯ ᠪᠣᠯᠵᠤ ᠵᠤᠷᠢᠭ ᠨᠢ ᠡᠷᠴᠢᠯᠡᠳᠡᠭ᠌᠃ ᠡᠨᠡᠭᠦ ᠪᠠᠢ᠌ᠳᠠᠯ ᠳᠤ ᠨᠢ ᠵᠤᠭᠢᠴᠠᠭᠤᠯᠵᠤ ᠪᠢ᠂ ᠮᠤᠩᠭ᠋ᠤᠯ ᠭᠡᠯᠡᠨ ᠤ ᠳᠤᠭᠣᠢ᠌ᠯᠠᠩ ᠤᠨ ᠪᠠᠭᠰᠢ ᠨᠡᠷ ᠲᠡᠶ ᠬᠠᠮᠳᠤ ᠪᠠᠷ 《ᠬᠤᠩᠬᠤᠷᠳᠠᠯ᠎ᠠ ᠭᠤᠤᠯ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠬᠢᠶᠠᠯ ᠤᠨ ᠰᠤᠩᠭ᠋ᠤᠮᠠᠯ》 ᠭᠡᠭᠦ ᠰᠠᠷ᠎ᠠ ᠶᠢᠨ ᠭᠡᠪᠯᠡᠯ ᠢ ᠡᠷᠭᠢᠯᠡᠵᠤ᠂ ᠰᠤᠷᠤᠭᠴᠢᠳ ᠤᠨ ᠪᠢᠴᠢᠭ᠍ᠰᠡᠨ ᠵᠤᠬᠢᠶᠠᠯ ᠡᠴᠡ ᠰᠤᠩᠭ᠋ᠤᠨ ᠨᠠᠢ᠌ᠳᠠᠯᠠᠵᠤ᠂ ᠰᠤᠷᠭᠠᠭᠤᠯᠢ ᠳᠤ ᠪᠠᠨ ᠳᠠᠷᠬᠠᠭᠠᠨ ᠣᠯᠠᠨ ᠪᠢᠴᠢᠵᠤ ᠪᠠᠢ᠌ᠭ᠎ᠠ ᠨᠥᠭᠦᠤᠨ ᠲᠤ ᠪᠠᠨ ᠵᠤᠷᠢᠭᠵᠢᠭᠤᠯᠤᠯ ᠪᠣᠯᠭᠠᠬᠤ ᠶᠢᠨ ᠬᠠᠮᠳᠤ ᠪᠢᠴᠢᠭᠦ ᠳᠤ ᠪᠠᠨ ᠠᠨᠠᠢ ᠨᠥᠭᠦᠤᠨ ᠲᠤ ᠪᠠᠨ ᠳᠠᠢ᠌ᠴᠢᠯᠠᠯ ᠭᠦᠷᠳᠡᠭᠡᠭ᠍ᠰᠡᠨ ᠪᠠᠢ᠌ᠨ᠎ᠠ᠃

ᠶᠡᠷᠦᠩᠭᠡᠢ᠌ᠯᠡᠪᠠᠯ᠂ ᠰᠤᠷᠤᠭᠴᠢᠳ ᠤᠨ ᠣᠩᠰᠢᠯᠭ᠎ᠠ ᠪᠢᠴᠢᠯᠭᠡ ᠶᠢᠨ ᠵᠢᠭᠠᠨ ᠰᠤᠷᠭᠠᠯᠳᠠ ᠶᠢᠨ ᠶᠠᠪᠣᠴᠠ ᠳᠤ ᠢᠯᠡᠭᠦᠭᠡᠨ ᠭᠦᠳᠡᠯᠭᠡᠭᠡᠨ ᠤ ᠭᠡᠯᠪᠠᠷᠢ ᠶᠢ ᠵᠤᠬᠢᠶᠠᠨ ᠪᠠᠢ᠌ᠭᠤᠯᠵᠤ᠂ ᠳᠠᠳᠠᠨ ᠤ ᠥᠭᠡᠰ ᠤᠨ ᠰᠠᠩ ᠢ ᠪᠠᠶᠠᠯᠢᠭᠵᠢᠭᠤᠯᠤᠨ᠂ ᠮᠡᠳᠡᠯᠭᠡ ᠶᠢᠨ ᠬᠠᠷᠠᠭ᠎ᠠ ᠶᠢ ᠦᠷᠭᠡᠳᠭᠡᠵᠤ᠂ ᠣᠯᠠᠨ ᠣᠩᠰᠢᠬᠤ᠂ ᠣᠯᠠᠨ ᠪᠢᠴᠢᠭᠦ᠂ ᠣᠯᠠᠨ ᠥᠵᠡᠭᠦ᠂ ᠣᠯᠠᠨ ᠪᠣᠯᠪᠠᠰᠤᠷᠠᠬᠤ ᠪᠠᠷ ᠳᠠᠮᠵᠢᠨ ᠵᠤᠬᠢᠶᠠᠨ ᠪᠢᠴᠢᠭᠦ ᠶᠢᠨ ᠰᠢᠨ᠎ᠡ ᠨᠢᠭᠡᠨ ᠲᠦᠪᠰᠢᠨ ᠳᠤ ᠭᠦᠷᠭᠡᠭ᠍ᠰᠡᠨ ᠪᠠᠢ᠌ᠨ᠎ᠠ᠃


ᠵᠤᠬᠢᠶᠠᠭᠴᠢ ᠶᠢᠨ ᠬᠠ‍‌ᠶᠢᠭ ᠄ ᠨᠢ᠋ᠮᠠᠨ ᠬᠤᠰᠢᠭᠤᠨ ᠤ ᠬᠤᠩᠬᠤᠷᠳᠠᠯ᠎ᠠ ᠭᠤᠤᠯ ᠪᠠᠭ᠎ᠠ ᠰᠤᠷᠭᠠᠭᠤᠯᠢ

ᠵᠤᠬᠢᠶᠠᠭᠴᠢ᠄ ᠳᠠᠪᠬᠤᠷᠪᠠᠶᠠᠷ
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠪᠠᠭᠰᠢ ᠶᠢᠨ ᠬᠠᠨᠢ
ᠳᠠᠷᠤᠮ᠄ 3489
ᠴᠠᠭ᠄ 2012 ᠤᠨ ᠤ 02 ᠰᠠᠷ᠎ᠠ ᠶᠢᠨ 13
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ