ᠨᠡᠪᠲᠡᠷᠡᠨ ᠤᠷᠤᠬᠤ
ᠪᠠᠭ᠎ᠠ ᠰᠤᠷᠭᠠᠭᠤᠯᠢ ᠶᠢᠨ ᠠᠩᠭᠢ ᠶᠢᠨ ᠡᠷᠭᠢᠯᠡᠭ᠍ᠴᠢ ᠶᠢᠨ ᠠᠵᠢᠯ ᠤᠨ ᠳᠤᠬᠠᠢ ᠮᠦᠴᠢᠳ ᠣᠢ᠌ᠯᠠᠭᠠᠯᠳᠠ

ᠠᠩᠭᠢ ᠪᠣᠯ ᠰᠤᠷᠭᠠᠭᠤᠯᠢ ᠶᠢᠨ ᠰᠤᠷᠭᠠᠨ ᠭᠦᠮᠦᠵᠢᠯ ᠤᠨ ᠦᠨᠳᠦᠰᠦᠨ ᠱᠠᠳᠤᠨ ᠤ ᠵᠤᠬᠢᠶᠠᠨ ᠪᠠᠢ᠌ᠭᠤᠯᠤᠯᠳᠠ ᠮᠦᠨ᠃ ᠪᠠᠭᠰᠢ ᠪᠣᠯᠤᠨ ᠰᠤᠷᠤᠭᠴᠢ ᠶᠢᠨ ᠠᠵᠢᠯᠯᠠᠭ᠎ᠠ ᠪᠠᠨ ᠦᠷᠨᠢᠭᠦᠯᠭᠦ ᠬᠠᠮᠤᠭ ᠤᠨ ᠦᠨᠳᠦᠰᠦᠨ ᠵᠤᠬᠢᠶᠠᠨ ᠪᠠᠢ᠌ᠭᠤᠯᠤᠯᠳᠠ ᠶᠢᠨ ᠭᠡᠯᠪᠠᠷᠢ ᠮᠦᠨ᠃ ᠠᠩᠭᠢ ᠶᠢᠨ ᠡᠷᠭᠢᠯᠡᠭ᠍ᠴᠢ ᠪᠣᠯ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠶᠠᠰᠤ ᠴᠢᠨᠠᠷ ᠢ ᠳᠡᠭᠡᠭ᠍ᠰᠢᠯᠡᠭᠦᠯᠭᠦ ᠭᠦᠳᠡᠯᠭᠡᠭ᠍ᠴᠢ ᠭᠦᠴᠤᠨ ᠮᠦᠨ᠃ ᠠᠩᠭᠢ ᠪᠣᠯ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠦᠨᠳᠦᠰᠦᠨ ᠨᠢᠭᠡᠴᠡ ᠮᠦᠨ᠃ ᠠᠩᠭᠢ ᠶᠢᠨ ᠡᠷᠭᠢᠯᠡᠭ᠍ᠴᠢ ᠪᠣᠯ ᠳᠡᠭᠦᠨ ᠤ ᠵᠤᠬᠢᠶᠠᠨ ᠪᠠᠢ᠌ᠭᠤᠯᠤᠭᠴᠢ ᠮᠦᠷᠳᠡᠭᠡᠨ ᠵᠢᠭᠠᠨ ᠵᠢᠯᠤᠭᠤᠳᠤᠭᠴᠢ ᠮᠦᠨ᠃ ᠡᠢ᠌ᠮᠤ ᠡᠴᠡ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠶᠠᠰᠤ ᠴᠢᠨᠠᠷ ᠤᠨ ᠳᠡᠭᠡᠭ᠍ᠰᠢᠯᠡᠯᠳᠡ ᠨᠢ ᠠᠩᠭᠢ ᠶᠢᠨ ᠡᠷᠭᠢᠯᠡᠭ᠍ᠴᠢ ᠶᠢᠨ ᠠᠵᠢᠯ ᠶᠢᠡᠷ ᠰᠢ᠌ᠳᠪᠦᠷᠢᠯᠡᠭ᠍ᠳᠡᠭᠦ ᠶᠤᠮ᠃ ᠠᠩᠭᠢ ᠶᠢᠨ ᠡᠷᠭᠢᠯᠡᠭ᠍ᠴᠢ ᠭᠡᠷᠪᠡ ᠳᠤᠰ ᠠᠩᠭᠢ ᠪᠠᠨ ᠰᠠᠢ᠌ᠳᠤᠷ ᠵᠤᠬᠢᠶᠠᠨ ᠪᠠᠢ᠌ᠭᠤᠯᠵᠤ᠂ ᠰᠤᠷᠤᠭᠴᠢ ᠪᠠᠨ ᠬᠠᠢ᠌ᠷᠠᠯᠠᠨ᠂ ᠰᠤᠷᠤᠭᠴᠢ ᠳᠠᠭᠠᠨ ᠭᠡᠪ ᠳᠦᠷᠢᠮ ᠪᠣᠯᠵᠤ᠂ ᠪᠦᠭᠦ ᠰᠤᠷᠤᠭᠴᠢ ᠳᠤ ᠬᠠᠠᠳᠤᠨ᠂ ᠰᠤᠷᠤᠭᠴᠢ ᠶᠢᠨ ᠦᠵᠡᠯ ᠰᠠᠨᠠᠭ᠎ᠠ᠂ ᠵᠠᠩ ᠮᠤᠷᠠᠯ᠂ ᠰᠤᠷᠤᠯᠭ᠎ᠠ᠂ ᠪᠠᠶ᠎ᠠ ᠮᠠᠬᠠᠪᠣᠤᠨ᠂ ᠭᠦᠳᠡᠯᠮᠦᠷᠢ᠂ ᠠᠮᠢᠳᠤᠷᠠᠯ ᠵᠡᠷᠭᠡ ᠪᠦᠭᠦ ᠳᠠᠯ᠎ᠠ ᠶᠢ ᠣᠢ᠌ᠯᠠᠭᠠᠨ᠂ ᠰᠤᠷᠤᠭᠴᠢ ᠶᠢ ᠵᠦᠪ ᠳᠠᠰᠢ ᠵᠢᠯᠤᠭᠤᠳᠤᠨ᠂ ᠰᠤᠷᠤᠭᠴᠢᠳ ᠤᠨ ᠴᠢᠷᠮᠠᠢ᠌ᠨ ᠰᠤᠷᠤᠯᠴᠠᠬᠤ ᠢᠳᠠᠪᠭᠢᠵᠢᠯ ᠢ ᠪᠠᠳᠠᠷᠠᠭᠤᠯᠪᠠᠯ ᠵᠢᠭᠠᠨ ᠰᠤᠷᠭᠠᠯᠳᠠ ᠶᠢᠨ ᠳᠤᠪᠣᠢ᠌ᠮ᠎ᠠ ᠠᠮᠵᠢᠯᠳᠠ ᠶᠢ ᠣᠯᠵᠤ ᠴᠢᠳᠠᠨ᠎ᠠ᠃

ᠳᠤᠤᠷ᠎ᠠ ᠠᠩᠭᠢ ᠶᠢᠨ ᠡᠷᠭᠢᠯᠡᠭ᠍ᠴᠢ ᠶᠢᠨ ᠠᠵᠢᠯ ᠢ ᠭᠡᠷᠭᠢᠨ ᠭᠢᠭᠦ ᠳᠤᠬᠠᠢ ᠦᠪᠡᠷ ᠤᠨ ᠣᠢ᠌ᠯᠠᠭᠠᠯᠳᠠ ᠪᠠᠨ ᠳᠠᠨᠢᠯᠴᠠᠭᠤᠯᠤᠶ᠎ᠠ᠃

1. ᠦᠷᠭᠦᠯᠵᠢ ᠭᠡᠷ ᠤᠨ ᠠᠬᠠᠮᠠᠤᠨ ᠲᠡᠶ ᠬᠠᠷᠢᠯᠴᠠᠵᠤ ᠪᠠᠢ᠌ᠬᠤ ᠭᠡᠷᠡᠭ᠍ᠳᠡᠢ᠃ ᠭᠡᠷ ᠤᠨ ᠠᠬᠠᠮᠠᠤᠨ ᠢ ᠰᠤᠷᠯᠪᠣᠯᠵᠢᠯᠠᠬᠤ ᠨᠢ ᠰᠤᠷᠭᠠᠭᠤᠯᠢ ᠶᠢᠨ ᠭᠦᠮᠦᠵᠢᠯ ᠪᠠ ᠭᠡᠷ ᠤᠨ ᠠᠬᠠᠮᠠᠤᠨ ᠤᠨ ᠭᠦᠮᠦᠵᠢᠯ ᠢ ᠬᠤᠤᠰᠯᠠᠭᠤᠯᠤᠨ ᠭᠡᠷᠡᠭ᠍ᠵᠢᠭᠦᠯᠵᠤ ᠰᠤᠷᠤᠭᠴᠢ ᠶᠢᠨ ᠣᠠᠴᠠᠯᠢᠭ ᠲᠤ ᠳᠤᠭᠢᠷᠠᠭᠤᠯᠤᠨ ᠵᠢᠭᠠᠨ ᠰᠤᠷᠭᠠᠬᠤ ᠰᠠᠢ᠌ᠨ ᠠᠷᠭ᠎ᠠ ᠠᠪᠴᠠᠯ ᠮᠦᠨ᠃ ᠨᠢᠭᠡ ᠬᠡᠦᠬᠡᠳ ᠢ ᠰᠠᠢ᠌ᠳᠤᠷ ᠰᠤᠷᠭᠠᠨ ᠭᠦᠮᠦᠵᠢᠭᠦᠯᠭᠦ ᠳᠤ ᠭᠡᠷ᠂ ᠰᠤᠷᠭᠠᠭᠤᠯᠢ᠂ ᠨᠡᠢ᠌ᠭᠡᠮ ᠤᠨ ᠭᠤᠷᠮᠤᠰᠤᠨ ᠭᠦᠮᠦᠵᠢᠯ ᠳᠤᠳᠠᠭᠳᠠᠵᠤ ᠪᠣᠯᠤᠰᠢ ᠦᠭᠡᠶ᠃ ᠭᠠᠭᠴᠠᠬᠦ ᠡᠨᠡ ᠭᠤᠷᠪᠠᠨ ᠳᠠᠯ᠎ᠠ ᠶᠢᠨ ᠭᠦᠮᠦᠵᠢᠯ ᠣᠷᠭᠠᠨᠢᠭ ᠶᠢᠡᠷ ᠣᠶᠠᠯᠳᠤᠨ ᠨᠢᠭᠡᠳᠴᠦ᠂ ᠨᠢᠭᠡᠨ ᠴᠤᠭᠴᠠ ᠪᠣᠯᠤᠮᠠᠠᠵᠢᠨ ᠰᠠ‍‌ᠶᠢ ᠰᠤᠷᠭᠠᠨ ᠭᠦᠮᠦᠵᠢᠯ ᠨᠢ ᠦᠨᠳᠦᠷ ᠦᠷ᠎ᠡ ᠠᠰᠢᠭ ᠲᠡᠶ ᠪᠣᠯᠵᠤ ᠴᠢᠳᠠᠬᠤ ᠶᠤᠮ᠃ ᠭᠡᠭᠦ ᠳᠡᠭᠡᠨ ᠭᠡᠷ ᠤᠨ ᠠᠬᠠᠮᠠᠤᠨ ᠢ ᠦᠷᠭᠦᠯᠵᠢᠳᠡ ᠶᠢᠨ ᠴᠢᠨᠠᠷ ᠲᠡᠶ ᠰᠤᠷᠪᠣᠯᠵᠢᠯᠠᠵᠤ᠂ ᠳᠠᠳᠠᠨ ᠤ ᠰᠠᠨᠠᠯ ᠰᠤᠷᠭᠠᠮᠵᠢ ᠶᠢ ᠭᠦᠷᠳᠡᠨ᠂ ᠰᠤᠷᠭᠠᠭᠤᠯᠢ᠂ ᠠᠩᠭᠢ ᠶᠢᠨ ᠠᠵᠢᠯ ᠳᠠᠭᠠᠨ ᠴᠠᠮᠬᠠᠭ ᠴᠢᠭᠯᠡᠯ ᠪᠣᠯᠭᠠᠮᠠᠠᠵᠢᠨ ᠰᠠ‍‌ᠶᠢ ᠰᠤᠷᠭᠠᠭᠤᠯᠢ ᠶᠢᠨ ᠠᠵᠢᠯ ᠨᠢ ᠭᠢᠨᠠᠯᠳᠠ ᠶᠢᠨ ᠭᠦᠴᠤᠨ ᠲᠡᠶ ᠪᠣᠯᠵᠤ᠂ ᠠᠮᠢᠳᠤ ᠰᠤᠷᠭᠤᠭ ᠰᠤᠷᠭᠠᠨ ᠭᠦᠮᠦᠵᠢᠯ ᠤᠨ ᠣᠷᠴᠢᠨ ᠳᠤᠭᠤᠷᠢᠨ ᠪᠣᠢ ᠪᠣᠯᠵᠤ ᠴᠢᠳᠠᠨ᠎ᠠ᠃ ᠡᠢ᠌ᠮᠤ ᠡᠴᠡ ᠭᠡᠷ ᠪᠦᠯᠢ ᠶᠢᠨ ᠰᠤᠷᠭᠠᠨ ᠭᠦᠮᠦᠵᠢᠯ ᠢ ᠠᠩᠭᠢ ᠶᠢᠨ ᠠᠵᠢᠯ ᠤᠨ ᠳᠤᠮᠳᠠ ᠭᠦᠡᠳᠦᠳᠭᠡᠨ ᠠᠳᠬᠤᠬᠤ ᠴᠢᠬᠤᠯᠠ ᠲᠡᠶ᠃

2. ᠠᠩᠭᠢ ᠶᠢᠨ ᠣᠷᠴᠢᠨ ᠳᠤᠭᠤᠷᠢᠨ ᠢ ᠳᠤᠭᠢᠳᠠᠢ ᠪᠠᠢ᠌ᠷᠢᠰᠢᠭᠤᠯᠵᠤ᠂ ᠭᠦᠮᠤᠨ ᠣᠷᠴᠢᠨ ᠳᠤᠭᠤᠷᠢᠨ ᠤ ᠰᠤᠷᠤᠯᠴᠠᠵᠤ ᠰᠤᠳᠤᠯᠬᠤ ᠰᠠᠢ᠌ᠨ ᠣᠷᠴᠢᠨ ᠳᠤᠭᠤᠷᠢᠨ ᠢ ᠡᠭᠦᠳᠭᠦ ᠴᠢᠬᠤᠯᠠ ᠲᠡᠶ᠃ ᠠᠩᠭᠢ ᠶᠢᠨ ᠭᠡᠷ ᠤᠨ ᠪᠠᠢ᠌ᠷᠢᠰᠢᠭᠤᠯᠤᠯᠳᠠ ᠶᠢ ᠰᠠᠢ᠌ᠳᠤᠷ ᠭᠢᠭᠦ ᠨᠢ ᠰᠤᠷᠤᠭᠴᠢ ᠶᠢᠨ ᠰᠤᠷᠤᠯᠴᠠᠬᠤ ᠣᠷᠮ᠎ᠠ ᠶᠢ ᠭᠦᠭ᠍ᠵᠢᠭᠡᠭᠦ ᠠᠰᠢᠳᠠᠢ ᠨᠢᠭᠡᠨ ᠠᠷᠭ᠎ᠠ ᠮᠦᠨ᠃ ᠵᠢᠱᠢᠶᠠᠯᠠᠪᠠᠯ᠂ ᠬᠠᠨ᠎ᠠ ᠶᠢᠨ ᠰᠤᠨᠢᠨ᠂ ᠰᠤᠷᠤᠯᠴᠠᠯᠭ᠎ᠠ ᠶᠢᠨ ᠳᠠᠪᠴᠠᠩ᠂ ᠰᠠᠢ᠌ᠴᠤᠤᠯ ᠤᠨ ᠬᠠᠭᠤᠳᠠᠰᠤ ᠵᠡᠷᠭᠡ ᠶᠢ ᠡᠪᠯᠢᠭ᠌ ᠪᠠᠢ᠌ᠷᠢᠰᠢᠭᠤᠯᠵᠤ᠂ ᠣᠷᠮᠠᠰᠢᠭᠤᠯᠬᠤ ᠭᠦᠴᠤᠨ ᠶᠢᠡᠷ ᠠᠯᠠᠭᠤᠷ ᠵᠢᠯᠤᠭᠤᠳᠴᠤ ᠪᠣᠯᠤᠨ᠎ᠠ᠃ ᠠᠩᠭᠢ ᠶᠢᠨ ᠡᠷᠭᠢᠯᠡᠭ᠍ᠴᠢ ᠰᠤᠷᠤᠭᠴᠢᠳ ᠤᠨ ᠳᠠᠪᠳᠠᠯᠭ᠎ᠠ᠂ ᠰᠤᠯᠠ ᠰᠤᠷᠤᠯᠴᠠᠯᠭ᠎ᠠ ᠶᠢ ᠰᠠᠢ᠌ᠳᠤᠷ ᠪᠠᠢ᠌ᠴᠠᠭᠠᠨ ᠭᠢᠨᠠᠵᠤ᠂ ᠳᠦᠷᠢᠮᠵᠢᠭᠦᠯᠵᠤ ᠭᠡᠪᠰᠢᠭᠦᠯᠭᠦ ᠶᠢ ᠠᠩᠬᠠᠷᠤᠨ᠂ ᠰᠠᠢ᠌ᠨ ᠰᠠᠢ᠌ᠬᠠᠨ ᠰᠤᠷᠤᠯᠴᠠᠬᠤ ᠣᠷᠴᠢᠨ ᠢ ᠡᠭᠦᠳᠭᠦ ᠴᠢᠬᠤᠯᠠ ᠲᠡᠶ᠃

3. ᠠᠩᠭᠢ ᠶᠢᠨ ᠠᠵᠢᠯ ᠤᠨ ᠲᠦᠯᠦᠪᠯᠡᠭᠡ ᠶᠢ ᠰᠠᠢ᠌ᠳᠤᠷ ᠳᠤᠭᠤᠷᠪᠢᠵᠤ ᠪᠢᠴᠢᠭᠦ ᠴᠢᠬᠤᠯᠠ ᠲᠡᠶ᠃ ᠠᠩᠭᠢ ᠶᠢᠨ ᠠᠵᠢᠯ ᠤᠨ ᠲᠦᠯᠦᠪᠯᠡᠭᠡ ᠨᠢ ᠨᠢᠭᠡ ᠠᠩᠭᠢ ᠨᠢᠭᠡᠴᠡ ᠶᠢᠨ ᠠᠵᠢᠯ ᠤᠨ ᠴᠢᠭᠯᠡᠯ ᠮᠦᠨ᠂ ᠠᠵᠢᠯ ᠤᠨ ᠰᠠᠳᠭᠢᠴᠠ ᠮᠦᠨ᠃ ᠠᠩᠭᠢ ᠶᠢᠨ ᠡᠷᠭᠢᠯᠡᠭ᠍ᠴᠢ ᠰᠤᠷᠭᠠᠭᠤᠯᠢ ᠶᠢᠨ ᠨᠢᠭᠡᠳᠦᠯᠳᠡᠢ ᠠᠵᠢᠯ ᠤᠨ ᠲᠦᠯᠦᠪᠯᠡᠭᠡ ᠶᠢ ᠰᠠᠢ᠌ᠳᠤᠷ ᠣᠢ᠌ᠯᠠᠭᠠᠵᠤ᠂ ᠠᠩᠭᠢ ᠶᠢᠨ ᠪᠣᠳᠠᠳᠤ ᠪᠠᠢ᠌ᠳᠠᠯ ᠳᠠᠭᠠᠨ ᠨᠡᠢ᠌ᠴᠡᠭ᠍ᠰᠡᠨ ᠨᠠᠷᠢᠨ ᠨᠢᠭᠳᠠ ᠪᠣᠳᠠᠳᠤ ᠭᠡᠷᠡᠭ᠍ᠵᠢᠭᠦᠯᠦᠯᠳᠡ ᠶᠢᠨ ᠦᠨ᠎ᠡ ᠦᠷᠳᠡᠭ᠌ ᠲᠡᠶ ᠠᠩᠭᠢ ᠶᠢᠨ ᠠᠵᠢᠯ ᠤᠨ ᠲᠦᠯᠦᠪᠯᠡᠭᠡ ᠶᠢ ᠳᠤᠭᠤᠷᠪᠢᠬᠤ ᠴᠢᠬᠤᠯᠠ ᠲᠡᠶ᠃

4. ᠰᠤᠷᠤᠭᠴᠢ ᠶᠢᠨ ᠦᠵᠡᠯ ᠰᠠᠨᠠᠭᠠᠨ ᠤ ᠬᠠᠠᠳᠤᠰᠢ ᠶᠢ ᠰᠠᠢ᠌ᠳᠤᠷ ᠣᠢ᠌ᠯᠠᠭᠠᠵᠤ ᠵᠦᠪ ᠵᠢᠯᠤᠭᠤᠳᠬᠤ ᠴᠢᠬᠤᠯᠠ ᠲᠡᠶ᠃ ᠰᠤᠷᠤᠭᠴᠢ ᠶᠢᠨ ᠡᠷᠡᠭᠦᠯ ᠴᠢᠭᠢᠷᠠᠭ ᠦᠵᠡᠯ ᠰᠠᠨᠠᠭᠠᠨ ᠤ ᠰᠠᠳᠭᠢᠴᠠ ᠨᠢ ᠰᠤᠷᠤᠯᠴᠠᠬᠤ ᠠᠵᠢᠯ ᠤᠨ ᠭᠤᠤᠯ ᠭᠦᠳᠡᠯᠭᠡᠭᠦ ᠭᠦᠴᠤᠨ ᠮᠦᠨ᠃ ᠵᠦᠪ ᠰᠠᠢ᠌ᠬᠠᠨ ᠰᠤᠷᠤᠯᠴᠠᠬᠤ ᠭᠦᠰᠡᠯ ᠲᠡᠶ ᠪᠠᠢ᠌ᠬᠤ ᠨᠢ ᠰᠤᠷᠤᠭᠴᠢ ᠶᠢᠨ ᠰᠤᠷᠤᠯᠴᠠᠯᠭ᠎ᠠ ᠳᠤ ᠭᠦᠳᠡᠯᠭᠡᠭ᠍ᠴᠢ ᠭᠦᠴᠤᠨ ᠨᠠᠮᠠᠨ᠂ ᠰᠤᠷᠤᠯᠴᠠᠯᠭ᠎ᠠ ᠶᠢᠨ ᠨᠠᠩ ᠦᠨᠳᠦᠷ ᠦᠷ᠎ᠡ ᠠᠰᠢᠭ ᠢ ᠣᠯᠭᠤᠬᠤ ᠪᠣᠯᠤᠨ᠎ᠠ᠃ ᠠᠩᠭᠢ ᠶᠢᠨ ᠡᠷᠭᠢᠯᠡᠭ᠍ᠴᠢ ᠰᠤᠷᠤᠭᠴᠢᠳ ᠢ ᠰᠠᠢ᠌ᠳᠤᠷ ᠠᠩᠬᠠᠷᠤᠨ ᠳᠠᠳᠠᠨ ᠤ ᠪᠠᠶ᠎ᠠ ᠳᠤ ᠢᠯᠡᠷᠡᠭ᠍ᠰᠡᠨ ᠦᠴᠦᠭᠡᠨ ᠳᠠᠳᠤᠢ ᠬᠤᠪᠢᠷᠠᠯ ᠢ ᠴᠠᠭ ᠳᠤᠬᠠᠢ ᠳ᠋ᠤᠨᠢ ᠰᠠᠷᠠᠵᠤ ᠮᠠᠳᠠᠨ᠂ ᠳᠤᠬᠠᠢ ᠶᠢᠨ ᠴᠠᠭ ᠲᠤ ᠨᠢ ᠵᠦᠪ ᠶᠢᠡᠷ ᠵᠢᠯᠤᠭᠤᠳᠴᠤ᠂ ᠦᠵᠡᠯ ᠰᠠᠨᠠᠭᠠᠨ ᠤ ᠵᠠᠩᠭᠢᠷᠠᠯ᠂ ᠰᠤᠷᠤᠯᠴᠠᠯᠭ᠎ᠠ ᠶᠢᠨ ᠬᠠᠷᠰᠢ ᠶᠢ ᠠᠷᠢᠯᠭᠠᠬᠤ ᠭᠡᠷᠡᠭ᠍ᠳᠡᠢ᠃

5. ᠬᠠᠮᠳᠤ ᠨᠠᠢ᠌ᠳᠠ ᠪᠠᠨ ᠬᠠᠢ᠌ᠷᠠᠯᠠᠬᠤ᠂ ᠮᠡᠳᠡᠯᠭᠡ ᠰᠤᠶᠤᠯ ᠢ ᠭᠦᠭᠡᠭᠡᠴᠡᠯᠳᠦᠭᠦ ᠰᠠᠢ᠌ᠨ ᠰᠠᠢ᠌ᠬᠠᠨ ᠵᠠᠩ ᠵᠠᠩᠰᠢᠯ ᠢ ᠭᠦᠮᠦᠵᠢᠭᠦᠯᠭᠦ ᠴᠢᠬᠤᠯᠠ ᠲᠡᠶ᠃ ᠬᠠᠮᠳᠤ ᠨᠠᠢ᠌ᠳᠠ ᠪᠣᠯ ᠬᠤᠪᠢ ᠭᠦᠮᠤᠨ ᠤ ᠦᠰᠤᠨ ᠪᠣᠢ᠌ᠵᠢᠬᠤ ᠶᠡᠭᠡ ᠣᠷᠴᠢᠨ ᠮᠦᠨ᠃ ᠬᠠᠮᠳᠤ ᠨᠠᠢ᠌ᠳᠠ ᠡᠴᠡ ᠰᠠᠯᠤᠭᠰᠠᠨ ᠬᠤᠪᠢ ᠭᠦᠮᠤᠨ ᠨᠢ ᠣᠰᠤᠨ ᠡᠴᠡ ᠰᠠᠯᠤᠭᠰᠠᠨ ᠵᠢᠭᠠᠰᠤ ᠮᠠᠳᠤ ᠠᠮᠢᠳᠤᠷᠠᠯ ᠤᠨ ᠭᠦᠴᠤᠨ ᠶᠢᠡᠨ ᠠᠯᠳᠠᠵᠤ᠂ ᠣᠷᠤᠰᠢᠨ ᠳᠤᠭᠳᠠᠨᠢᠬᠤ ᠶᠢᠨ ᠠᠷᠭ᠎ᠠ ᠦᠭᠡᠶ ᠪᠣᠯᠳᠠᠭ᠃ ᠮᠡᠳᠡᠯᠭᠡ ᠰᠤᠶᠤᠯ ᠢ ᠭᠦᠡᠳᠦᠳᠭᠡᠭᠦ ᠰᠠᠢ᠌ᠨ ᠰᠠᠢ᠌ᠬᠠᠨ ᠵᠠᠩ ᠵᠠᠩᠰᠢᠯ ᠨᠢ ᠬᠠᠮᠳᠤ ᠶᠢᠨ ᠣᠷᠴᠢᠨ ᠳᠤᠭᠤᠷᠢᠨ ᠤ ᠳᠤᠮᠳᠠ ᠦᠰᠤᠨ ᠪᠣᠵᠠᠭᠠᠢ᠌ᠷᠠᠵᠤ᠂ ᠦᠷ᠎ᠡ ᠳ᠋ᠦ᠋ᠩ ᠶᠢᠡᠨ ᠣᠯᠵᠤ ᠴᠢᠳᠠᠨ᠎ᠠ᠃ ᠡᠢ᠌ᠮᠤ ᠡᠴᠡ ᠠᠩᠭᠢ ᠶᠢᠨ ᠡᠷᠭᠢᠯᠡᠭ᠍ᠴᠢ ᠡᠷᠭᠡᠪᠰᠢ ᠭᠦᠡᠳᠦᠳᠭᠡᠨ ᠠᠳᠬᠤᠬᠤ ᠴᠢᠬᠤᠯᠠ ᠲᠡᠶ᠃

ᠠᠩᠭᠢ ᠶᠢᠨ ᠡᠷᠭᠢᠯᠡᠭ᠍ᠴᠢ ᠶᠢᠨ ᠠᠵᠢᠯ ᠤᠨ ᠨᠠᠷᠢᠨ ᠨᠢᠭᠳᠠ ᠴᠢᠨᠠᠷ ᠢ ᠴᠢᠬᠤᠯᠠᠴᠢᠯᠠᠵᠤ᠂ ᠦᠨᠡᠨ ᠪᠣᠳᠠᠳᠤ ᠴᠢᠨᠠᠷ ᠢ ᠭᠦᠡᠳᠦᠳᠭᠡᠭᠦ ᠨᠢ ᠠᠩᠭᠢ ᠶᠢᠨ ᠠᠵᠢᠯ ᠤᠨ ᠴᠢᠬᠤᠯᠠ ᠪᠠᠳᠤᠯᠠᠪᠣᠷᠢ ᠮᠦᠨ᠃ ᠠᠩᠭᠢ ᠶᠢᠨ ᠡᠷᠭᠢᠯᠡᠭ᠍ᠴᠢ ᠪᠣᠯᠤᠭᠰᠠᠤᠨ ᠮᠦᠨ ᠴᠤ ᠭᠦᠡᠳᠦᠳᠭᠡᠨ ᠥᠵᠡᠭᠦ ᠴᠢᠬᠤᠯᠠ ᠲᠡᠶ᠃


ᠵᠤᠬᠢᠶᠠᠭᠴᠢ ᠶᠢᠨ ᠬᠠ‍‌ᠶᠢᠭ ᠄ ᠬᠤᠷᠴᠢᠨ ᠵᠡᠭᠦᠨ ᠭᠠᠷᠤᠨ ᠬᠣᠢ᠌ᠳᠤ ᠬᠤᠰᠢᠭᠤᠨ ᠤ ᠭᠠᠠᠵᠤᠭ᠎ᠠ ᠪᠠᠯᠭᠠᠰᠤ ᠶᠢᠨ ᠬᠠᠷᠠᠠᠤᠰᠤ ᠪᠠᠭ᠎ᠠ ᠰᠤᠷᠭᠠᠭᠤᠯᠢ

ᠵᠤᠬᠢᠶᠠᠭᠴᠢ᠄ ᠪᠣᠤ ᠢᠤᠢ ᠹᠧᠩ
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠪᠠᠭᠰᠢ ᠶᠢᠨ ᠬᠠᠨᠢ
ᠳᠠᠷᠤᠮ᠄ 2990
ᠴᠠᠭ᠄ 2012 ᠤᠨ ᠤ 05 ᠰᠠᠷ᠎ᠠ ᠶᠢᠨ 03
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ