ᠨᠡᠪᠲᠡᠷᠡᠨ ᠤᠷᠤᠬᠤ
ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ

ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ


(1989 ᠣᠨ ᠤ 12 ᠰᠠᠷ᠎ᠠ ᠶᠢᠨ 26 ᠤ ᠡᠳᠦᠷ ᠳᠤᠯᠤᠳᠤᠭᠠᠷ ᠬᠤᠭᠤᠴᠠᠭᠠᠨ ᠤ ᠪᠦᠭᠦ ᠣᠯᠤᠰ ᠤᠨ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠡᠴᠡ ᠪᠠᠳᠤᠯᠠᠪᠠ᠂ 1998 ᠣᠨ ᠤ 12 ᠰᠠᠷ᠎ᠠ ᠶᠢᠨ 26 ᠤ ᠡᠳᠦᠷ ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠳᠡᠷᠢᠭᠦᠯᠦᠭ᠍ᠴᠢ ᠶᠢᠨ ᠬᠤᠷᠢᠨ ᠬᠤᠶᠠᠳᠤᠭᠠᠷ ᠵᠠᠷᠯᠢᠭ ᠶᠢᠡᠷ ᠨᠠᠢ᠌ᠳᠠᠯᠠᠪᠠ᠂ ᠨᠡᠢ᠌ᠯᠡᠳᠡᠭ᠍ᠰᠡᠨ ᠡᠳᠦᠷ ᠡᠴᠡ ᠡᠭᠢᠯᠡᠵᠤ ᠭᠡᠷᠡᠭ᠍ᠵᠢᠭᠦᠯᠦᠨ᠎ᠡ)


ᠭᠠᠷᠴᠠᠭ

ᠨᠢᠭᠡᠳᠦᠭᠡᠷ ᠪᠦᠯᠦᠭ᠌   ᠶᠡᠷᠦᠩᠭᠡᠢ ᠳᠦᠷᠢᠮ

ᠬᠤᠶᠠᠳᠤᠭᠠᠷ ᠪᠦᠯᠦᠭ᠌   ᠣᠷᠴᠢᠨ ᠳᠤᠭᠤᠷᠢᠨ ᠢ ᠭᠢᠨᠠᠵᠤ ᠬᠠᠮᠢᠶᠠᠷᠬᠤ ᠪᠠ ᠰᠠᠢ᠌ᠵᠢᠷᠠᠭᠤᠯᠬᠤ

ᠭᠤᠷᠪᠠᠳᠤᠭᠠᠷ ᠪᠦᠯᠦᠭ᠌   ᠣᠷᠴᠢᠨ ᠳᠤᠭᠤᠷᠢᠨ ᠢ ᠬᠠᠮᠠᠭᠠᠯᠠᠬᠤ

ᠳᠦᠷᠪᠠᠳᠦᠭᠡᠷ ᠪᠦᠯᠦᠭ᠌   ᠣᠷᠴᠢᠨ ᠳᠤᠭᠤᠷᠢᠨ ᠤ ᠪᠣᠵᠠᠷᠳᠤᠯ ᠪᠣᠯᠤᠨ ᠪᠣᠰᠤᠳ ᠨᠠᠢ᠌ᠳᠠ ᠶᠢᠨ ᠭᠠᠮᠰᠢᠭ ᠢ ᠰᠡᠷᠭᠡᠢ᠌ᠯᠡᠨ ᠵᠠᠰᠠᠬᠤ

ᠳᠠᠪᠣᠳᠤᠭᠠᠷ ᠪᠦᠯᠦᠭ᠌   ᠬᠠᠤᠯᠢ ᠶᠢᠨ ᠬᠠᠷᠢᠭᠤᠴᠠᠯᠭ᠎ᠠ

ᠵᠢᠷᠭᠤᠳᠤᠭᠠᠷ ᠪᠦᠯᠦᠭ᠌   ᠳᠠᠭᠠᠯᠳᠤᠭᠤᠯᠤᠭᠰᠠᠨ ᠳᠦᠷᠢᠮ


ᠨᠢᠭᠡᠳᠦᠭᠡᠷ ᠪᠦᠯᠦᠭ᠌     ᠶᠡᠷᠦᠩᠭᠡᠢ ᠳᠦᠷᠢᠮ


ᠨᠢᠭᠡᠳᠦᠭᠡᠷ ᠵᠣᠢ᠌ᠯ ᠠᠮᠢᠳᠤᠷᠠᠯ ᠤᠨ ᠣᠷᠴᠢᠨ ᠳᠤᠭᠤᠷᠢᠨ ᠭᠢᠭᠡᠤᠨ ᠣᠷᠴᠢᠨ ᠠᠬᠤᠢ ᠶᠢ ᠬᠠᠮᠠᠭᠠᠯᠠᠨ ᠰᠠᠢ᠌ᠵᠢᠷᠠᠭᠤᠯᠵᠤ᠂ ᠪᠣᠵᠠᠷᠳᠤᠯ ᠭᠢᠭᠡᠤᠨ ᠪᠣᠰᠤᠳ ᠨᠠᠢ᠌ᠳᠠ ᠶᠢᠨ ᠭᠠᠮᠰᠢᠭ ᠢ ᠰᠡᠷᠭᠡᠢ᠌ᠯᠡᠨ ᠵᠠᠰᠠᠵᠤ᠂ ᠭᠦᠮᠤᠨ ᠤ ᠪᠠᠶ᠎ᠠ ᠮᠠᠬᠠᠪᠣᠤᠨ ᠤᠨ ᠡᠷᠡᠭᠦᠯ ᠮᠠᠠᠳᠤ ᠶᠢ ᠪᠠᠳᠤᠯᠠᠵᠤ᠂ ᠨᠡᠢ᠌ᠭᠡᠮ ᠵᠢᠷᠤᠮᠳᠤ ᠣᠳᠤᠭᠢᠴᠢᠯᠠᠯᠳᠠ ᠶᠢᠨ ᠪᠦᠳᠦᠭᠡᠨ ᠪᠠᠢ᠌ᠭᠤᠯᠤᠯᠳᠠ ᠶᠢᠨ ᠭᠦᠭ᠍ᠵᠢᠯᠳᠡ ᠶᠢ ᠠᠭᠢᠭᠤᠯᠬᠤ ᠶᠢᠨ ᠳᠦᠯᠦᠭᠡ ᠳᠤᠰ ᠬᠠᠤᠯᠢ ᠶᠢ ᠳᠤᠭᠳᠠᠭᠠᠵᠠᠢ᠃

ᠬᠤᠶᠠᠳᠤᠭᠠᠷ ᠵᠣᠢ᠌ᠯ ᠳᠤᠰ ᠬᠠᠤᠯᠢ ᠳᠤ ᠭᠡᠯᠡᠵᠤ ᠪᠠᠢ᠌ᠭ᠎ᠠ ᠣᠷᠴᠢᠨ ᠳᠤᠭᠤᠷᠢᠨ ᠭᠡᠳᠡᠭ᠌ ᠪᠣᠯ ᠭᠦᠮᠤᠨ ᠲᠦᠷᠦᠯᠭᠢᠳᠠᠨ ᠤ ᠣᠷᠤᠰᠢᠨ ᠠᠮᠢᠳᠤᠷᠠᠬᠤ ᠪᠠ ᠭᠦᠭ᠍ᠵᠢᠵᠤ ᠳᠠᠪᠰᠢᠬᠤ ᠶᠢ ᠨᠥᠯᠦᠭᠡᠯᠡᠭᠦ ᠪᠠᠢ᠌ᠭᠠᠯᠢ ᠶᠢᠨ ᠪᠠ ᠭᠦᠮᠤᠨ ᠤ ᠭᠦᠴᠤ ᠪᠠᠷ ᠥᠭᠡᠷᠡᠴᠢᠯᠡᠭ᠍ᠰᠡᠨ ᠪᠠᠢ᠌ᠭᠠᠯᠢ ᠶᠢᠨ ᠭᠦᠴᠤᠨ ᠵᠣᠢ᠌ᠯ ᠤᠨ ᠪᠦᠭᠦ ᠳᠠᠯ᠎ᠠ ᠶᠢ ᠵᠢᠭᠠᠵᠤ ᠪᠠᠢ᠌ᠨ᠎ᠠ᠂ ᠡᠭᠦᠨ ᠳᠤ ᠠᠭᠠᠷ ᠮᠠᠠᠳᠠᠯ᠂ ᠣᠰᠤ᠂ ᠳᠠᠯᠠᠢ ᠳᠠᠩᠭᠢᠰ᠂ ᠭᠠᠵᠠᠷ ᠰᠢᠷᠤᠢ᠂ ᠠᠭᠤᠷᠬᠠᠢ ᠶᠢᠨ ᠪᠣᠯᠠᠭᠳᠠᠴᠠ᠂ ᠣᠢ ᠰᠢᠭᠤᠢ᠂ ᠳᠠᠯ᠎ᠠ ᠨᠤᠳᠤᠭ᠂ ᠵᠡᠷᠯᠢᠭ᠌ ᠠᠮᠢᠳᠠᠨ᠂ ᠪᠠᠢ᠌ᠭᠠᠯᠢ ᠶᠢᠨ ᠥᠯᠡᠳᠡᠭ᠍ᠳᠡᠯ᠂ ᠭᠦᠮᠤᠨ ᠲᠦᠷᠦᠯᠭᠢᠳᠠᠨ ᠤ ᠰᠤᠶᠤᠯ ᠤᠨ ᠥᠯᠡᠳᠡᠭ᠍ᠳᠡᠯ᠂ ᠪᠠᠢ᠌ᠭᠠᠯᠢ ᠶᠢᠨ ᠬᠠᠮᠠᠭᠠᠯᠠᠯᠳᠠ ᠶᠢᠨ ᠣᠷᠤᠨ᠂ ᠠᠯᠳᠠᠷᠳᠤ ᠦᠵᠡᠮᠵᠢᠳᠤ ᠣᠷᠤᠨ᠂ ᠬᠤᠳᠠ ᠪᠣᠯᠤᠨ ᠭᠦᠳᠡᠭᠡ ᠳᠤᠰᠬᠤᠨ ᠵᠡᠷᠭᠡ ᠪᠠᠭᠳᠠᠨ᠎ᠠ᠃

ᠭᠤᠷᠪᠠᠳᠤᠭᠠᠷ ᠵᠣᠢ᠌ᠯ ᠳᠤᠰ ᠬᠠᠤᠯᠢ ᠶᠢ ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠨᠤᠳᠤᠭ ᠳᠡᠪᠢᠰᠭᠡᠷ ᠪᠠ ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠬᠠᠷᠢᠶᠠᠨ ᠳ᠋ᠠᠭᠢ ᠪᠣᠰᠤᠳ ᠳᠠᠯᠠᠢ ᠳᠠᠩᠭᠢᠰ ᠲᠤ ᠭᠡᠷᠡᠭᠯᠡᠨ᠎ᠡ᠃

ᠳᠦᠷᠪᠠᠳᠦᠭᠡᠷ ᠵᠣᠢ᠌ᠯ ᠣᠯᠤᠰ ᠤᠨ ᠳᠤᠭᠳᠠᠭᠠᠭᠰᠠᠨ ᠣᠷᠴᠢᠨ ᠳᠤᠭᠤᠷᠢᠨ ᠢ ᠬᠠᠮᠠᠭᠠᠯᠠᠬᠤ ᠳᠦᠯᠦᠪᠵᠢᠭᠦᠯᠭᠡ ᠶᠢ ᠡᠷᠭᠡᠪᠰᠢ ᠣᠯᠤᠰ ᠠᠷᠠᠤᠨ ᠤᠨ ᠠᠵᠤ ᠠᠬᠤᠢ ᠭᠢᠭᠡᠤᠨ ᠨᠡᠢ᠌ᠭᠡᠮ ᠤᠨ ᠭᠦᠭ᠍ᠵᠢᠯᠳᠡ ᠶᠢᠨ ᠳᠦᠯᠦᠪᠯᠡᠭᠡ ᠳᠤ ᠣᠷᠤᠭᠤᠯᠵᠤ᠂ ᠣᠯᠤᠰ ᠡᠴᠡ ᠣᠷᠴᠢᠨ ᠳᠤᠭᠤᠷᠢᠨ ᠢ ᠬᠠᠮᠠᠭᠠᠯᠠᠬᠤ ᠳᠤ ᠠᠰᠢᠭᠳᠠᠢ ᠪᠠᠢ᠌ᠬᠤ ᠠᠵᠤ ᠠᠬᠤᠢ᠂ ᠳᠸᠭ᠍ᠨᠢᠭ᠌ ᠮᠡᠷᠭᠡᠵᠢᠯ ᠤᠨ ᠲᠦᠷᠦ ᠶᠢᠨ ᠪᠣᠳᠤᠯᠭ᠎ᠠ ᠪᠠ ᠠᠷᠭ᠎ᠠ ᠭᠡᠮᠵᠢᠶ᠎ᠡ ᠠᠪᠴᠤ᠂ ᠣᠷᠴᠢᠨ ᠳᠤᠭᠤᠷᠢᠨ ᠢ ᠬᠠᠮᠠᠭᠠᠯᠠᠬᠤ ᠠᠵᠢᠯ ᠢ ᠠᠵᠤ ᠠᠬᠤᠢ ᠶᠢᠨ ᠪᠦᠳᠦᠭᠡᠨ ᠪᠠᠢ᠌ᠭᠤᠯᠤᠯᠳᠠ ᠭᠢᠭᠡᠤᠨ ᠨᠡᠢ᠌ᠭᠡᠮ ᠤᠨ ᠭᠦᠭ᠍ᠵᠢᠯᠳᠡ ᠯᠦᠭᠡ ᠵᠤᠭᠢᠴᠠᠭᠤᠯᠤᠨ᠎ᠠ᠃

ᠳᠠᠪᠣᠳᠤᠭᠠᠷ ᠵᠣᠢ᠌ᠯ ᠣᠯᠤᠰ ᠡᠴᠡ ᠣᠷᠴᠢᠨ ᠳᠤᠭᠤᠷᠢᠨ ᠢ ᠬᠠᠮᠠᠭᠠᠯᠠᠬᠤ ᠰᠢᠡᠵᠢᠯᠡᠭᠦ ᠣᠬᠠᠭᠠᠨ ᠰᠤᠷᠭᠠᠨ ᠭᠦᠮᠦᠵᠢᠯ ᠤᠨ ᠣᠢ᠌ᠯᠠᠰ ᠢ ᠭᠦᠭ᠍ᠵᠢᠭᠦᠯᠭᠦ ᠶᠢ ᠵᠤᠷᠢᠭᠵᠢᠭᠤᠯᠵᠤ᠂ ᠣᠷᠴᠢᠨ ᠳᠤᠭᠤᠷᠢᠨ ᠢ ᠬᠠᠮᠠᠭᠠᠯᠠᠬᠤ ᠰᠢᠡᠵᠢᠯᠡᠭᠦ ᠣᠬᠠᠭᠠᠨ ᠳᠸᠭ᠍ᠨᠢᠭ᠌ ᠮᠡᠷᠭᠡᠵᠢᠯ ᠤᠨ ᠰᠤᠳᠤᠯᠤᠯ ᠪᠠ ᠨᠡᠭᠡᠭᠡᠨ ᠠᠰᠢᠭᠯᠠᠯᠳᠠ ᠶᠢ ᠴᠢᠩᠭ᠋ᠠᠤᠠᠬᠠᠵᠤ᠂ ᠣᠷᠴᠢᠨ ᠳᠤᠭᠤᠷᠢᠨ ᠢ ᠬᠠᠮᠠᠭᠠᠯᠠᠬᠤ ᠰᠢᠡᠵᠢᠯᠡᠭᠦ ᠣᠬᠠᠭᠠᠨ ᠳᠸᠭ᠍ᠨᠢᠭ᠌ ᠮᠡᠷᠭᠡᠵᠢᠯ ᠤᠨ ᠭᠢᠷᠢ ᠭᠡᠮᠵᠢᠶ᠎ᠡ ᠶᠢ ᠳᠡᠭᠡᠭ᠍ᠰᠢᠯᠡᠭᠦᠯᠵᠤ᠂ ᠣᠷᠴᠢᠨ ᠳᠤᠭᠤᠷᠢᠨ ᠢ ᠬᠠᠮᠠᠭᠠᠯᠠᠬᠤ ᠰᠢᠡᠵᠢᠯᠡᠭᠦ ᠣᠬᠠᠭᠠᠨ ᠤ ᠮᠡᠳᠡᠯᠭᠡ ᠶᠢ ᠳᠦᠭᠡᠮᠡᠯᠵᠢᠭᠦᠯᠦᠨ᠎ᠡ᠃

ᠵᠢᠷᠭᠤᠳᠤᠭᠠᠷ ᠵᠣᠢ᠌ᠯ ᠠᠯᠢᠪᠠ ᠨᠢᠭᠡᠴᠡ ᠭᠢᠭᠡᠤᠨ ᠬᠤᠪᠢ ᠭᠦᠮᠤᠨ ᠪᠦᠷ ᠣᠷᠴᠢᠨ ᠳᠤᠭᠤᠷᠢᠨ ᠢ ᠬᠠᠮᠠᠭᠠᠯᠠᠬᠤ ᠡᠭᠦᠷᠭᠡ ᠲᠡᠶ ᠪᠦᠭᠡᠤᠨ ᠣᠷᠴᠢᠨ ᠳᠤᠭᠤᠷᠢᠨ ᠢ ᠪᠣᠵᠠᠷᠳᠤᠭᠤᠯᠤᠨ ᠡᠪᠳᠡᠭᠦ ᠨᠢᠭᠡᠴᠡ ᠭᠢᠭᠡᠤᠨ ᠬᠤᠪᠢ ᠭᠦᠮᠤᠨ ᠢ ᠢᠯᠠᠴᠢᠯᠠᠨ ᠵᠠᠭᠠᠯᠳᠤᠬᠤ ᠡᠷᠭᠡ ᠲᠡᠶ᠃

ᠳᠤᠯᠤᠳᠤᠭᠠᠷ ᠵᠣᠢ᠌ᠯ ᠲᠦᠷᠦ ᠶᠢᠨ ᠶᠠᠪᠣᠳᠠᠯ ᠤᠨ ᠬᠤᠷᠢᠶᠠᠨ ᠤ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ ᠪᠦᠭᠦ ᠣᠯᠤᠰ ᠤᠨ ᠣᠷᠴᠢᠨ ᠳᠤᠭᠤᠷᠢᠨ ᠢ ᠬᠠᠮᠠᠭᠠᠯᠠᠬᠤ ᠠᠵᠢᠯ ᠢ ᠨᠢᠭᠡᠳᠦᠯᠳᠡᠢ ᠭᠢᠨᠠᠵᠤ ᠬᠠᠮᠢᠶᠠᠷᠤᠨ᠎ᠠ᠃

ᠰᠢᠶᠠᠨ ᠤᠨ ᠱᠠᠳᠤᠨ ᠡᠴᠡ ᠳᠡᠭᠡᠭ᠍ᠰᠢᠭᠢ ᠣᠷᠤᠨ ᠨᠤᠳᠤᠭ ᠤᠨ ᠠᠷᠠᠤᠨ ᠤᠨ ᠵᠠᠰᠠᠭ ᠤᠨ ᠣᠷᠳᠤᠨ ᠤ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ ᠳᠤᠰ ᠬᠠᠷᠢᠶ᠎ᠠ ᠣᠷᠤᠨ ᠤ ᠪᠠᠨ ᠣᠷᠴᠢᠨ ᠳᠤᠭᠤᠷᠢᠨ ᠢ ᠬᠠᠮᠠᠭᠠᠯᠠᠬᠤ ᠠᠵᠢᠯ ᠢ ᠨᠢᠭᠡᠳᠦᠯᠳᠡᠢ ᠭᠢᠨᠠᠨ ᠬᠠᠮᠢᠶᠠᠷᠤᠨ᠎ᠠ᠃

ᠣᠯᠤᠰ ᠤᠨ ᠳᠠᠯᠠᠢ ᠳᠠᠩᠭᠢᠰ ᠤᠨ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ᠂ ᠭᠠᠷᠠᠮ ᠤᠨ ᠶᠠᠪᠣᠳᠠᠯ ᠳᠤ ᠭᠢᠨᠠᠯᠳᠠ ᠳᠠᠯᠪᠢᠬᠤ᠂ ᠵᠢᠭᠠᠰᠤᠨ ᠤ ᠭᠠᠷᠠᠮ ᠳᠤ ᠭᠢᠨᠠᠯᠳᠠ ᠳᠠᠯᠪᠢᠬᠤ᠂ ᠴᠡᠷᠢᠭ᠌ ᠠᠩᠭᠢ ᠶᠢᠨ ᠣᠷᠴᠢᠨ ᠳᠤᠭᠤᠷᠢᠨ ᠢ ᠬᠠᠮᠠᠭᠠᠯᠠᠬᠤ ᠰᠠᠯᠠᠭ᠎ᠠ ᠮᠦᠴᠢᠷ ᠪᠠ ᠡᠯ᠎ᠡ ᠱᠠᠳᠤᠨ ᠤ ᠳᠤᠳᠤᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠳᠠᠮᠤᠷ ᠵᠠᠮ᠂ ᠠᠷᠠᠤᠨ ᠤᠨ ᠠᠭᠠᠷ ᠤᠨ ᠳᠡᠭᠡᠭᠡᠪᠦᠷᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠡᠴᠡ ᠬᠤᠯᠪᠣᠭᠳᠠᠯ ᠪᠦᠭᠦᠢ ᠬᠠᠤᠯᠢ ᠴᠠᠭᠠᠵᠠ ᠶᠢᠨ ᠳᠤᠭᠳᠠᠭᠠᠯ ᠶᠤᠰᠤᠭᠠᠷ ᠣᠷᠴᠢᠨ ᠳᠤᠭᠤᠷᠢᠨ ᠢ ᠪᠣᠵᠠᠷᠳᠤᠭᠤᠯᠬᠤ ᠶᠢ ᠰᠡᠷᠭᠡᠢ᠌ᠯᠡᠨ ᠵᠠᠰᠠᠬᠤ ᠶᠠᠪᠣᠳᠠᠯ ᠢ ᠭᠢᠨᠠᠵᠤ ᠬᠠᠮᠢᠶᠠᠷᠤᠨ᠎ᠠ᠃

ᠰᠢᠶᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠤ ᠭᠠᠵᠠᠷ ᠰᠢᠷᠤᠢ᠂ ᠠᠭᠤᠷᠬᠠᠢ ᠶᠢᠨ ᠭᠠᠷᠤᠯᠳᠠ᠂ ᠣᠢ ᠰᠢᠭᠤᠢ᠂ ᠭᠦᠳᠡᠭᠡ ᠠᠵᠤ ᠠᠬᠤᠢ᠂ ᠣᠰᠤᠨ ᠠᠰᠢᠭᠯᠠᠯᠳᠠ ᠶᠢᠨ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ ᠬᠤᠯᠪᠣᠭᠳᠠᠯ ᠪᠦᠭᠦᠢ ᠬᠠᠤᠯᠢ ᠶᠢᠨ ᠳᠤᠭᠳᠠᠭᠠᠯ ᠶᠤᠰᠤᠭᠠᠷ ᠡᠭᠢ ᠪᠠᠶᠠᠯᠢᠭ ᠢ ᠬᠠᠮᠠᠭᠠᠯᠠᠬᠤ ᠶᠠᠪᠣᠳᠠᠯ ᠢ ᠭᠢᠨᠠᠨ ᠬᠠᠮᠢᠶᠠᠷᠤᠨ᠎ᠠ᠃

ᠨᠢ᠋ᠮᠠᠳᠤᠭᠠᠷ ᠵᠣᠢ᠌ᠯ ᠣᠷᠴᠢᠨ ᠳᠤᠭᠤᠷᠢᠨ ᠢ ᠬᠠᠮᠠᠭᠠᠯᠠᠨ ᠰᠠᠢ᠌ᠵᠢᠷᠠᠭᠤᠯᠬᠤ ᠠᠵᠢᠯ ᠳᠤ ᠮᠡᠳᠡᠭ᠍ᠳᠡᠭᠦᠢᠴᠡ ᠠᠮᠵᠢᠯᠳᠠ ᠪᠦᠳᠦᠭᠡᠯ ᠭᠠᠷᠭᠠᠭᠰᠠᠨ ᠨᠢᠭᠡᠴᠡ ᠭᠢᠭᠡᠤᠨ ᠬᠤᠪᠢ ᠭᠦᠮᠤᠨ ᠢ ᠠᠷᠠᠤᠨ ᠤᠨ ᠵᠠᠰᠠᠭ ᠤᠨ ᠣᠷᠳᠤᠨ ᠡᠴᠡ ᠱᠠᠩᠨᠠᠨ ᠭᠦᠭᠢᠭᠦᠯᠦᠨ᠎ᠡ᠃


ᠬᠤᠶᠠᠳᠤᠭᠠᠷ ᠪᠦᠯᠦᠭ᠌     ᠣᠷᠴᠢᠨ ᠳᠤᠭᠤᠷᠢᠨ ᠢ ᠭᠢᠨᠠᠵᠤ ᠬᠠᠮᠢᠶᠠᠷᠬᠤ ᠪᠠ ᠰᠠᠢ᠌ᠵᠢᠷᠠᠭᠤᠯᠬᠤ


ᠶ‍ᠢᠰᠦᠳᠦᠭᠡᠷ ᠵᠣᠢ᠌ᠯ ᠲᠦᠷᠦ ᠶᠢᠨ ᠶᠠᠪᠣᠳᠠᠯ ᠤᠨ ᠬᠤᠷᠢᠶᠠᠨ ᠤ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠣᠷᠴᠢᠨ ᠳᠤᠭᠤᠷᠢᠨ ᠤ ᠴᠢᠨᠠᠷ ᠤᠨ ᠳᠤᠬᠠᠢ ᠣᠯᠤᠰ ᠤᠨ ᠪᠠᠷᠢᠮᠵᠢᠶ᠎ᠠ ᠶᠢ ᠳᠤᠭᠳᠠᠭᠠᠨ᠎ᠠ᠃

ᠣᠷᠴᠢᠨ ᠳᠤᠭᠤᠷᠢᠨ ᠤ ᠴᠢᠨᠠᠷ ᠤᠨ ᠳᠤᠬᠠᠢ ᠣᠯᠤᠰ ᠤᠨ ᠪᠠᠷᠢᠮᠵᠢᠶ᠎ᠠ ᠳᠤ ᠳᠤᠭᠳᠠᠭᠠᠯ ᠭᠠᠷᠭᠠᠭᠰᠠᠨ ᠦᠭᠡᠶ ᠵᠣᠢ᠌ᠯ ᠳᠤ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠣᠷᠴᠢᠨ ᠳᠤᠭᠤᠷᠢᠨ ᠤᠨ ᠴᠢᠨᠠᠷ ᠤᠨ ᠳᠤᠬᠠᠢ ᠣᠷᠤᠨ ᠨᠤᠳᠤᠭ ᠤᠨ ᠪᠠᠷᠢᠮᠵᠢᠶ᠎ᠠ ᠶᠢ ᠳᠤᠭᠳᠠᠭᠠᠵᠤ ᠪᠣᠯᠬᠤ ᠪᠦᠭᠡᠤᠨ ᠳᠡᠭᠦᠨ ᠶᠢᠡᠨ ᠲᠦᠷᠦ ᠶᠢᠨ ᠶᠠᠪᠣᠳᠠᠯ ᠤᠨ ᠬᠤᠷᠢᠶᠠᠨ ᠤ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠤ ᠳᠠᠩᠰᠠᠯᠠᠭᠤᠯᠬᠤ ᠭᠡᠷᠡᠭ᠍ᠳᠡᠢ᠃

ᠠᠷᠪᠠᠳᠤᠭᠠᠷ ᠵᠣᠢ᠌ᠯ ᠲᠦᠷᠦ ᠶᠢᠨ ᠶᠠᠪᠣᠳᠠᠯ ᠤᠨ ᠬᠤᠷᠢᠶᠠᠨ ᠤ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ ᠣᠷᠴᠢᠨ ᠳᠤᠭᠤᠷᠢᠨ ᠤ ᠴᠢᠨᠠᠷ ᠤᠨ ᠳᠤᠬᠠᠢ ᠣᠯᠤᠰ ᠤᠨ ᠪᠠᠷᠢᠮᠵᠢᠶ᠎ᠠ ᠪᠠ ᠣᠯᠤᠰ ᠤᠨ ᠠᠵᠤ ᠠᠬᠤᠢ᠂ ᠳᠸᠭ᠍ᠨᠢᠭ᠌ ᠮᠡᠷᠭᠡᠵᠢᠯ ᠤᠨ ᠨᠥᠭᠦᠴᠡᠯ ᠢ ᠦᠨᠳᠦᠰᠦᠯᠠᠵᠤ᠂ ᠪᠣᠵᠠᠷᠳᠤᠯ ᠶᠠᠭᠤᠮ᠎ᠠ ᠭᠠᠷᠭᠠᠬᠤ ᠳᠤᠬᠠᠢ ᠣᠯᠤᠰ ᠤᠨ ᠪᠠᠷᠢᠮᠵᠢᠶ᠎ᠠ ᠶᠢ ᠳᠤᠭᠳᠠᠭᠠᠨ᠎ᠠ᠃

ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠡᠴᠡ ᠪᠣᠵᠠᠷᠳᠤᠯ ᠶᠠᠭᠤᠮ᠎ᠠ ᠭᠠᠷᠭᠠᠬᠤ ᠳᠤᠬᠠᠢ ᠣᠯᠤᠰ ᠤᠨ ᠪᠠᠷᠢᠮᠵᠢᠶ᠎ᠠ ᠳᠤ ᠳᠤᠭᠳᠠᠭᠠᠭᠰᠠᠨ ᠦᠭᠡᠶ ᠵᠣᠢ᠌ᠯ ᠳᠤ ᠪᠣᠵᠠᠷᠳᠤᠯ ᠶᠠᠭᠤᠮ᠎ᠠ ᠭᠠᠷᠭᠠᠬᠤ ᠳᠤᠬᠠᠢ ᠣᠷᠤᠨ ᠨᠤᠳᠤᠭ ᠤᠨ ᠪᠠᠷᠢᠮᠵᠢᠶ᠎ᠠ ᠶᠢ ᠳᠤᠭᠳᠠᠭᠠᠵᠤ ᠪᠣᠯᠤᠨ᠎ᠠ ︔ ᠪᠣᠵᠠᠷᠳᠤᠯ ᠶᠠᠭᠤᠮ᠎ᠠ ᠭᠠᠷᠭᠠᠬᠤ ᠳᠤᠬᠠᠢ ᠣᠯᠤᠰ ᠤᠨ ᠪᠠᠷᠢᠮᠵᠢᠶ᠎ᠠ ᠳᠤ ᠨᠢᠭᠡᠨᠲᠡ ᠳᠤᠭᠳᠠᠭᠠᠯ ᠭᠠᠷᠭᠠᠭᠰᠠᠨ ᠵᠣᠢ᠌ᠯ ᠳᠤ ᠪᠣᠵᠠᠷᠳᠤᠯ ᠶᠠᠭᠤᠮ᠎ᠠ ᠭᠠᠷᠭᠠᠬᠤ ᠳᠤᠬᠠᠢ ᠣᠯᠤᠰ ᠤᠨ ᠪᠠᠷᠢᠮᠵᠢᠶ᠎ᠠ ᠡᠴᠡ ᠴᠢᠩᠭ᠋᠎ᠠ ᠪᠠᠢ᠌ᠳᠠᠭ ᠪᠣᠵᠠᠷᠳᠤᠯ ᠶᠠᠭᠤᠮ᠎ᠠ ᠭᠠᠷᠭᠠᠬᠤ ᠳᠤᠬᠠᠢ ᠣᠷᠤᠨ ᠨᠤᠳᠤᠭ ᠤᠨ ᠪᠠᠷᠢᠮᠵᠢᠶ᠎ᠠ ᠶᠢ ᠳᠤᠭᠳᠠᠭᠠᠵᠤ ᠪᠣᠯᠤᠨ᠎ᠠ᠃ ᠪᠣᠵᠠᠷᠳᠤᠯ ᠶᠠᠭᠤᠮ᠎ᠠ ᠭᠠᠷᠭᠠᠬᠤ ᠳᠤᠬᠠᠢ ᠣᠷᠤᠨ ᠨᠤᠳᠤᠭ ᠤᠨ ᠪᠠᠷᠢᠮᠵᠢᠶ᠎ᠠ ᠪᠠᠨ ᠡᠷᠭᠡᠪᠰᠢ ᠲᠦᠷᠦ ᠶᠢᠨ ᠶᠠᠪᠣᠳᠠᠯ ᠤᠨ ᠬᠤᠷᠢᠶᠠᠨ ᠤ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠤ ᠳᠠᠩᠰᠠᠯᠠᠭᠤᠯᠬᠤ ᠭᠡᠷᠡᠭ᠍ᠳᠡᠢ᠃

ᠪᠣᠵᠠᠷᠳᠤᠯ ᠶᠠᠭᠤᠮ᠎ᠠ ᠭᠠᠷᠭᠠᠬᠤ ᠳᠤᠬᠠᠢ ᠣᠷᠤᠨ ᠨᠤᠳᠤᠭ ᠤᠨ ᠪᠠᠷᠢᠮᠵᠢᠶ᠎ᠠ ᠲᠡᠶ ᠪᠣᠯᠤᠭᠰᠠᠨ ᠣᠷᠤᠨ ᠪᠦᠭᠦᠨ ᠳᠤ ᠪᠣᠵᠠᠷᠳᠠᠯ ᠶᠠᠭᠤᠮ᠎ᠠ ᠭᠠᠷᠭᠠᠬᠤ ᠳᠤ ᠭᠦᠷᠪᠠᠯ ᠪᠣᠵᠠᠷᠳᠤᠯ ᠶᠠᠭᠤᠮ᠎ᠠ ᠭᠠᠷᠭᠠᠬᠤ ᠶᠢᠨ ᠳᠤᠬᠠᠢ ᠣᠷᠤᠨ ᠨᠤᠳᠤᠭ ᠤᠨ ᠪᠠᠷᠢᠮᠵᠢᠶ᠎ᠠ ᠶᠢ ᠭᠡᠷᠡᠭ᠍ᠵᠢᠭᠦᠯᠭᠦ ᠭᠡᠷᠡᠭ᠍ᠳᠡᠢ᠃

ᠠᠷᠪᠠᠨ ᠨᠢᠭᠡᠳᠦᠭᠡᠷ ᠵᠣᠢ᠌ᠯ ᠲᠦᠷᠦ ᠶᠢᠨ ᠶᠠᠪᠣᠳᠠᠯ ᠤᠨ ᠬᠤᠷᠢᠶᠠᠨ ᠤ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠭᠢᠨᠠᠨ ᠭᠡᠮᠵᠢᠭᠦ ᠳᠦᠷᠢᠮ᠂ ᠭᠢᠨᠠᠨ ᠭᠡᠮᠵᠢᠭᠦ ᠵᠢᠷᠤᠮᠯᠠᠯ ᠳᠤᠭᠳᠠᠭᠠᠵᠤ᠂ ᠬᠤᠯᠪᠣᠭᠳᠠᠯ ᠪᠦᠭᠦᠢ ᠰᠠᠯᠠᠭ᠎ᠠ ᠮᠦᠴᠢᠷ ᠲᠡᠶ ᠬᠠᠮᠳᠤᠷᠠᠵᠤ ᠪᠠᠢ᠌ᠭᠠᠤᠨ ᠭᠢᠨᠠᠨ ᠭᠡᠮᠵᠢᠭᠦ ᠳᠤᠤᠷ ᠪᠠᠢ᠌ᠭᠤᠯᠵᠤ᠂ ᠣᠷᠴᠢᠨ ᠳᠤᠭᠤᠷᠢᠨ ᠢ ᠭᠢᠨᠠᠨ ᠭᠡᠮᠵᠢᠭᠦ ᠬᠠᠮᠢᠶᠠᠷᠤᠯᠳᠠ ᠪᠠᠨ ᠴᠢᠩᠭ᠋ᠠᠤᠠᠬᠠᠬᠤ ᠭᠡᠷᠡᠭ᠍ᠳᠡᠢ᠃

ᠲᠦᠷᠦ ᠶᠢᠨ ᠶᠠᠪᠣᠳᠠᠯ ᠤᠨ ᠬᠤᠷᠢᠶ᠎ᠠ ᠪᠠ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠤ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠣᠷᠴᠢᠨ ᠳᠤᠭᠤᠷᠢᠨ ᠤ ᠪᠠᠢ᠌ᠳᠠᠯ ᠤᠨ ᠳᠤᠬᠠᠢ ᠠᠯᠪᠠᠨ ᠮᠡᠳᠡᠭᠡ ᠶᠢ ᠳᠤᠭᠳᠠᠭᠰᠠᠨ ᠬᠤᠭᠤᠴᠠᠭ᠎ᠠ ᠲᠡᠶ ᠪᠠᠷ ᠨᠡᠢ᠌ᠳᠡᠯᠡᠭᠦ ᠭᠡᠷᠡᠭ᠍ᠳᠡᠢ᠃

ᠠᠷᠪᠠᠨ ᠬᠤᠶᠠᠳᠤᠭᠠᠷ ᠵᠣᠢ᠌ᠯ ᠰᠢᠶᠠᠨ ᠤᠨ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠤ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠬᠤᠯᠪᠣᠭᠳᠠᠯ ᠪᠦᠭᠦᠢ ᠰᠠᠯᠠᠭ᠎ᠠ ᠮᠦᠴᠢᠷ ᠲᠡᠶ ᠬᠠᠮᠳᠤᠷᠠᠨ ᠬᠠᠮᠢᠶᠠᠷᠬᠤ ᠭᠡᠪᠴᠢᠶᠡᠨ ᠳ᠋ᠠᠭᠢ ᠣᠷᠴᠢᠨ ᠳᠤᠭᠤᠷᠢᠨ ᠤ ᠪᠠᠢ᠌ᠳᠠᠯ ᠶᠢᠡᠨ ᠪᠠᠢ᠌ᠴᠠᠭᠠᠨ ᠦᠨᠡᠯᠠᠵᠤ᠂ ᠣᠷᠴᠢᠨ ᠳᠤᠭᠤᠷᠢᠨ ᠢ ᠬᠠᠮᠠᠭᠠᠯᠠᠬᠤ ᠳᠦᠯᠦᠪᠵᠢᠭᠦᠯᠭᠡ ᠳᠤᠭᠳᠠᠭᠠᠵᠤ᠂ ᠳᠦᠯᠦᠪᠯᠡᠭᠡ ᠶᠢᠨ ᠠᠵᠢᠯ ᠤᠨ ᠰᠠᠯᠠᠭ᠎ᠠ ᠮᠦᠴᠢᠷ ᠡᠴᠡ ᠪᠦᠭᠦ ᠳᠠᠯ᠎ᠠ ᠶᠢᠨ ᠳᠡᠩᠴᠡᠭᠦᠯᠦᠯᠳᠡ ᠭᠢᠭ᠍ᠰᠡᠨ ᠤ ᠳᠠᠷᠠᠭ᠎ᠠ᠂ ᠠᠳᠠᠯᠢ ᠱᠠᠳᠤᠨ ᠤ ᠪᠠᠨ ᠠᠷᠠᠤᠨ ᠤᠨ ᠵᠠᠰᠠᠭ ᠤᠨ ᠣᠷᠳᠤᠨ ᠳᠤ ᠮᠡᠳᠡᠭᠦᠯᠵᠤ ᠵᠥᠪᠰᠢᠶᠡᠷᠡᠭᠦᠯᠦᠭᠡᠤᠨ ᠭᠡᠷᠡᠭ᠍ᠵᠢᠭᠦᠯᠭᠦ ᠭᠡᠷᠡᠭ᠍ᠳᠡᠢ᠃

ᠠᠷᠪᠠᠨ ᠭᠤᠷᠪᠠᠳᠤᠭᠠᠷ ᠵᠣᠢ᠌ᠯ ᠣᠷᠴᠢᠨ ᠳᠤᠭᠤᠷᠢᠨ ᠢ ᠪᠣᠵᠠᠷᠳᠤᠭᠤᠯᠬᠤ ᠪᠠᠷᠢᠯᠭ᠎ᠠ ᠶᠢᠨ ᠵᠣᠢ᠌ᠯ ᠢ ᠪᠦᠳᠦᠭᠡᠨ ᠪᠠᠢ᠌ᠭᠤᠯᠬᠤ ᠳᠠᠭᠠᠨ ᠡᠷᠭᠡᠪᠰᠢ ᠪᠦᠳᠦᠭᠡᠨ ᠪᠠᠢ᠌ᠭᠤᠯᠬᠤ ᠵᠣᠢ᠌ᠯ ᠤᠨ ᠣᠷᠴᠢᠨ ᠳᠤᠭᠤᠷᠢᠨ ᠢ ᠬᠠᠮᠠᠭᠠᠯᠠᠬᠤ ᠬᠠᠮᠢᠶᠠᠷᠤᠯᠳᠠ ᠶᠢᠨ ᠳᠤᠬᠠᠢ ᠣᠯᠤᠰ ᠤᠨ ᠬᠤᠯᠪᠣᠭᠳᠠᠯ ᠪᠦᠭᠦᠢ ᠳᠤᠭᠳᠠᠭᠠᠯ ᠢ ᠵᠢᠷᠤᠮᠯᠠᠨ ᠰᠠᠭᠢᠬᠤ ᠭᠡᠷᠡᠭ᠍ᠳᠡᠢ᠃

ᠪᠦᠳᠦᠭᠡᠨ ᠪᠠᠢ᠌ᠭᠤᠯᠤᠯᠳᠠ ᠶᠢᠨ ᠵᠣᠢ᠌ᠯ ᠤᠨ ᠣᠷᠴᠢᠨ ᠳᠤᠭᠤᠷᠢᠨ ᠳᠤ ᠥᠵᠡᠭᠦᠯᠭᠦ ᠨᠥᠯᠦᠭᠡ ᠶᠢᠨ ᠳᠤᠬᠠᠢ ᠮᠡᠳᠡᠭᠦᠯᠦᠯᠳᠡ ᠶᠢᠨ ᠪᠢᠴᠢᠭ᠌ ᠲᠡᠭᠡᠨ ᠪᠦᠳᠦᠭᠡᠨ ᠪᠠᠢ᠌ᠭᠤᠯᠬᠤ ᠵᠣᠢ᠌ᠯ ᠤᠨ ᠪᠣᠢ ᠪᠣᠯᠭᠠᠬᠤ ᠪᠣᠵᠠᠷᠳᠤᠯ ᠪᠣᠯᠤᠨ ᠣᠷᠴᠢᠨ ᠳᠤᠭᠤᠷᠢᠨ ᠳᠤ ᠥᠵᠡᠭᠦᠯᠭᠦ ᠨᠥᠯᠦᠭᠡ ᠶᠢᠨ ᠳᠤᠬᠠᠢ ᠦᠨᠡᠯᠠᠯᠳᠠ ᠭᠢᠵᠤ᠂ ᠰᠡᠷᠭᠡᠢ᠌ᠯᠡᠨ ᠵᠠᠰᠠᠬᠤ ᠠᠷᠭ᠎ᠠ ᠭᠡᠮᠵᠢᠶ᠎ᠡ ᠳᠤᠭᠳᠠᠭᠠᠵᠤ᠂ ᠪᠦᠳᠦᠭᠡᠨ ᠪᠠᠢ᠌ᠭᠤᠯᠤᠯᠳᠠ ᠶᠢᠨ ᠵᠣᠢ᠌ᠯ ᠢ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠶᠢᠡᠷ ᠣᠷᠢᠤᠠᠴᠢᠯᠠᠨ ᠭᠢᠨᠠᠭᠤᠯᠬᠤ ᠪᠦᠭᠡᠤᠨ ᠳᠤᠭᠳᠠᠭᠠᠭᠰᠠᠨ ᠵᠢᠷᠤᠮ ᠤᠨ ᠶᠤᠰᠤᠭᠠᠷ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠤ ᠵᠥᠪᠰᠢᠶᠡᠷᠡᠭᠦᠯᠭᠦ ᠭᠡᠷᠡᠭ᠍ᠳᠡᠢ᠃ ᠣᠷᠴᠢᠨ ᠳᠤᠭᠤᠷᠢᠨ ᠳᠤ ᠥᠵᠡᠭᠦᠯᠭᠦ ᠨᠥᠯᠦᠭᠡ ᠶᠢᠨ ᠳᠤᠬᠠᠢ ᠮᠡᠳᠡᠭᠦᠯᠦᠯᠳᠡ ᠶᠢᠨ ᠪᠢᠴᠢᠭ᠌ ᠢ ᠵᠥᠪᠰᠢᠶᠡᠷᠡᠭ᠍ᠰᠡᠨ ᠤ ᠳᠠᠷᠠᠭ᠎ᠠ ᠳᠦᠯᠦᠪᠯᠡᠭᠡ ᠶᠢᠨ ᠰᠠᠯᠠᠭ᠎ᠠ ᠮᠦᠴᠢᠷ ᠰᠠ‍‌ᠶᠢ ᠪᠦᠳᠦᠭᠡᠨ ᠪᠠᠢ᠌ᠭᠤᠯᠬᠤ ᠵᠣᠢ᠌ᠯ ᠤᠨ ᠵᠢᠷᠤᠭ ᠳᠦᠯᠦᠪᠯᠡᠭᠡ ᠭᠢᠭᠦ ᠡᠭᠦᠷᠭᠡ ᠶᠢᠨ ᠪᠢᠴᠢᠭ᠌ ᠢ ᠵᠦᠪᠰᠢᠶᠠᠷᠠᠵᠤ ᠪᠣᠯᠤᠨ᠎ᠠ᠃

ᠠᠷᠪᠠᠨ ᠳᠦᠷᠪᠠᠳᠦᠭᠡᠷ ᠵᠣᠢ᠌ᠯ ᠰᠢᠶᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠤ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠪᠣᠶᠤ ᠬᠠᠤᠯᠢ ᠶᠢᠨ ᠳᠤᠭᠳᠠᠭᠠᠯ ᠶᠢᠡᠷ ᠣᠷᠴᠢᠨ ᠳᠤᠭᠤᠷᠢᠨ ᠢ ᠭᠢᠨᠠᠨ ᠬᠠᠮᠢᠶᠠᠷᠬᠤ ᠡᠷᠭᠡ ᠶᠢ ᠭᠡᠷᠡᠭ᠍ᠵᠢᠭᠦᠯᠭᠦ ᠪᠣᠰᠤᠳ ᠰᠠᠯᠠᠭ᠎ᠠ ᠮᠦᠴᠢᠷ᠂ ᠬᠠᠮᠢᠶᠠᠷᠬᠤ ᠭᠡᠪᠴᠢᠶᠡᠨ ᠳ᠋ᠠᠭᠢ ᠪᠣᠵᠠᠷᠳᠤᠯ ᠶᠠᠭᠤᠮ᠎ᠠ ᠭᠠᠷᠭᠠᠬᠤ ᠨᠢᠭᠡᠴᠡ ᠳᠤ ᠳᠤᠬᠠᠢ ᠶᠢᠨ ᠭᠠᠵᠠᠷ ᠳᠤᠨᠢ ᠪᠠᠢ᠌ᠴᠠᠭᠠᠯᠳᠠ ᠭᠢᠭᠦ ᠡᠷᠭᠡ ᠲᠡᠶ᠃ ᠪᠠᠢ᠌ᠴᠠᠭᠠᠭᠳᠠᠭᠰᠠᠨ ᠨᠢᠭᠡᠴᠡ ᠪᠠᠢ᠌ᠳᠠᠯ ᠶᠢᠡᠨ ᠦᠨᠡᠨ ᠪᠣᠳᠠᠳᠠᠢ ᠪᠠᠷ ᠳᠤᠰᠬᠠᠵᠤ᠂ ᠴᠢᠬᠤᠯᠠ ᠪᠦᠭᠦᠢ ᠮᠠᠲ᠋ᠸᠷᠢᠶᠠᠯ ᠬᠠᠩᠭ᠋ᠠᠵᠤ ᠦᠭ‍ᠭᠦ ᠭᠡᠷᠡᠭ᠍ᠳᠡᠢ᠃ ᠪᠠᠢ᠌ᠴᠠᠭᠠᠬᠤ ᠪᠠᠢ᠌ᠭᠤᠯᠭ᠎ᠠ ᠪᠠᠢ᠌ᠴᠠᠭᠠᠭᠳᠠᠬᠤ ᠨᠢᠭᠡᠴᠡ ᠶᠢᠨ ᠳᠸᠭ᠍ᠨᠢᠭ᠌ ᠮᠡᠷᠭᠡᠵᠢᠯ ᠤᠨ ᠨᠢᠭᠤᠴᠠ ᠪᠠ ᠳᠤᠬᠠᠢ᠌ᠯᠠᠭᠰᠠᠨ ᠠᠵᠢᠯ ᠤᠨ ᠨᠢᠭᠤᠴᠠ ᠶᠢ ᠬᠠᠮᠠᠭᠠᠯᠠᠵᠤ ᠦᠭ‍ᠭᠦ ᠭᠡᠷᠡᠭ᠍ᠳᠡᠢ᠃

ᠠᠷᠪᠠᠨ ᠳᠠᠪᠣᠳᠤᠭᠠᠷ ᠵᠣᠢ᠌ᠯ ᠵᠠᠰᠠᠭ ᠵᠠᠭᠢᠷᠭᠠᠨ ᠤ ᠣᠷᠤᠨ ᠢ ᠠᠯᠤᠰᠯᠠᠭᠰᠠᠨ ᠣᠷᠴᠢᠨ ᠳᠤᠭᠤᠷᠢᠨ ᠤ ᠪᠣᠵᠠᠷᠳᠤᠯ ᠪᠠ ᠣᠷᠴᠢᠨ ᠳᠤᠭᠤᠷᠢᠨ ᠤ ᠡᠪᠳᠡᠭ᠍ᠳᠡᠯ ᠢ ᠰᠡᠷᠭᠡᠢ᠌ᠯᠡᠨ ᠵᠠᠰᠠᠬᠤ ᠠᠵᠢᠯ ᠢ ᠬᠤᠯᠪᠣᠭᠳᠠᠯ ᠪᠦᠭᠦᠢ ᠣᠷᠤᠨ ᠨᠤᠳᠤᠭ ᠤᠨ ᠠᠷᠠᠤᠨ ᠤᠨ ᠵᠠᠰᠠᠭ ᠤᠨ ᠣᠷᠳᠤᠨ ᠵᠦᠪᠳᠠᠯᠴᠠᠨ ᠰᠢ᠌ᠦᠡᠪᠦᠷᠢᠯᠡᠭᠦ ᠪᠣᠶᠤ ᠳᠡᠭᠡᠳᠤ ᠱᠠᠳᠤᠨ ᠤ ᠠᠷᠠᠤᠨ ᠤᠨ ᠵᠠᠰᠠᠭ ᠤᠨ ᠣᠷᠳᠤᠨ ᠵᠤᠭᠢᠴᠠᠭᠤᠯᠤᠨ ᠰᠢ᠌ᠤᠠᠪᠣᠷᠢᠯᠠᠵᠤ᠂ ᠳᠤᠭᠳᠠᠭᠠᠯ ᠭᠠᠷᠭᠠᠨ᠎ᠠ᠃


ᠭᠤᠷᠪᠠᠳᠤᠭᠠᠷ ᠪᠦᠯᠦᠭ᠌     ᠣᠷᠴᠢᠨ ᠳᠤᠭᠤᠷᠢᠨ ᠢ ᠬᠠᠮᠠᠭᠠᠯᠠᠬᠤ


ᠠᠷᠪᠠᠨ ᠵᠢᠷᠭᠤᠳᠤᠭᠠᠷ ᠵᠣᠢ᠌ᠯ ᠣᠷᠤᠨ ᠨᠤᠳᠤᠭ ᠤᠨ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠦᠪᠡᠷ ᠤᠨ ᠬᠠᠷᠢᠶ᠎ᠠ ᠣᠷᠤᠨ ᠤ ᠪᠠᠨ ᠣᠷᠴᠢᠨ ᠳᠤᠭᠤᠷᠢᠨ ᠤ ᠴᠢᠨᠠᠷ ᠲᠤ ᠬᠠᠷᠢᠭᠤᠴᠠᠵᠤ᠂ ᠠᠷᠭ᠎ᠠ ᠭᠡᠮᠵᠢᠶ᠎ᠡ ᠠᠪᠴᠤ ᠪᠠᠢ᠌ᠭᠠᠤᠨ ᠣᠷᠴᠢᠨ ᠳᠤᠭᠤᠷᠢᠨ ᠤ ᠴᠢᠨᠠᠷ ᠢ ᠰᠠᠢ᠌ᠵᠢᠷᠠᠭᠤᠯᠬᠤ ᠭᠡᠷᠡᠭ᠍ᠳᠡᠢ᠃

ᠠᠷᠪᠠᠨ ᠳᠤᠯᠤᠳᠤᠭᠠᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠳᠦᠯᠦᠭᠡᠯᠡᠭᠦ ᠴᠢᠨᠠᠷᠳᠠᠢ ᠪᠠᠢ᠌ᠭᠠᠯᠢ ᠶᠢᠨ ᠣᠷᠴᠢᠨ ᠠᠬᠤᠢ ᠶᠢᠨ ᠡᠯᠳᠡᠪ ᠵᠣᠢ᠌ᠯ ᠤᠨ ᠭᠡᠯᠪᠠᠷᠢ ᠶᠢᠨ ᠰᠢᠰᠲ᠋ᠸᠮᠳᠤ ᠣᠷᠤᠨ᠂ ᠬᠤᠪᠣᠷ ᠴᠤᠬᠠᠭ ᠮᠥᠭᠦᠵᠤ ᠰᠥᠨᠦᠭᠦ ᠠᠶᠤᠯ ᠲᠡᠶ ᠪᠣᠯᠤᠭᠰᠠᠨ ᠠᠮᠢᠳᠠᠨ ᠣᠷᠭᠤᠮᠠᠯ ᠤᠨ ᠪᠠᠢ᠌ᠭᠠᠯᠢ ᠶᠢᠨ ᠳᠠᠷᠬᠠᠯᠳᠠ ᠶᠢᠨ ᠣᠷᠤᠨ᠂ ᠣᠰᠤᠨ ᠤ ᠡᠭᠢ ᠰᠤᠷᠪᠣᠯᠵᠢ ᠶᠢᠨ ᠴᠢᠬᠤᠯᠠ ᠬᠠᠳᠠᠭᠠᠯᠠᠮᠵᠢ ᠶᠢᠨ ᠣᠷᠤᠨ᠂ ᠰᠢᠡᠵᠢᠯᠡᠭᠦ ᠣᠬᠠᠭᠠᠨ ᠰᠤᠶᠤᠯ ᠤᠨ ᠴᠢᠬᠤᠯᠠ ᠶᠡᠭᠡ ᠠᠴᠢ ᠬᠤᠯᠪᠣᠭᠳᠠᠯ ᠲᠡᠶ ᠭᠠᠵᠠᠷ ᠰᠢᠡᠵᠢᠯᠡᠭᠡᠨ ᠤ ᠪᠦᠳᠦᠴᠡ᠂ ᠨᠠᠷᠠᠳᠠᠢ ᠠᠭᠤᠰᠤᠮᠠᠯ ᠠᠭᠤᠢ ᠪᠣᠯᠤᠨ ᠴᠢᠯᠠᠭᠤᠵᠢᠮᠠᠯ ᠤᠨ ᠳᠠᠷᠬᠠᠯᠳᠠ ᠶᠢᠨ ᠣᠷᠤᠨ᠂ ᠮᠦᠰᠤᠨ ᠭᠤᠤᠯ᠂ ᠭᠠᠯᠳᠤ ᠠᠭᠤᠯᠠ᠂ ᠬᠠᠯᠠᠭᠤᠨ ᠷᠠᠰᠢᠶᠠᠨ ᠵᠡᠷᠭᠡ ᠪᠠᠢ᠌ᠭᠠᠯᠢ ᠶᠢᠨ ᠥᠯᠡᠳᠡᠭ᠍ᠳᠡᠯ ᠵᠢᠴᠢ ᠭᠦᠮᠤᠨ ᠲᠦᠷᠦᠯᠭᠢᠳᠠᠨ ᠤ ᠰᠤᠶᠤᠯ ᠤᠨ ᠥᠯᠡᠳᠡᠭ᠍ᠳᠡᠯ᠂ ᠣᠳᠠᠭᠠᠨ ᠵᠢᠯ ᠤᠨ ᠨᠠᠷᠠᠳᠠᠢ ᠮᠤᠳᠤ ᠶᠢ ᠠᠷᠭ᠎ᠠ ᠭᠡᠮᠵᠢᠶ᠎ᠡ ᠠᠪᠴᠤ ᠪᠠᠢ᠌ᠭᠠᠤᠨ ᠬᠠᠮᠠᠭᠠᠯᠠᠵᠤ᠂ ᠡᠪᠳᠡᠵᠤ ᠰᠥᠢᠦᠡᠭᠡᠭᠦ ᠶᠢ ᠴᠢᠩᠭ᠋᠎ᠠ ᠴᠠᠭᠠᠵᠠᠯᠠᠬᠤ ᠭᠡᠷᠡᠭ᠍ᠳᠡᠢ᠃

ᠠᠷᠪᠠᠨ ᠨᠢ᠋ᠮᠠᠳᠤᠭᠠᠷ ᠵᠣᠢ᠌ᠯ ᠲᠦᠷᠦ ᠶᠢᠨ ᠶᠠᠪᠣᠳᠠᠯ ᠤᠨ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶᠠᠨ ᠤ ᠬᠤᠯᠪᠣᠭᠳᠠᠯ ᠪᠦᠭᠦᠢ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠪᠣᠯᠤᠨ ᠮᠤᠵᠢ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠤ ᠳᠤᠭᠳᠠᠭᠠᠭᠰᠠᠨ ᠠᠯᠳᠠᠷᠳᠤ ᠦᠵᠡᠮᠵᠢᠳᠤ ᠣᠷᠤᠨ᠂ ᠪᠠᠢ᠌ᠭᠠᠯᠢ ᠶᠢᠨ ᠬᠠᠮᠠᠭᠠᠯᠠᠯᠳᠠ ᠶᠢᠨ ᠣᠷᠤᠨ ᠪᠣᠯᠤᠨ ᠣᠠᠴᠠᠭᠠᠢ᠌ᠯᠠᠨ ᠬᠠᠮᠠᠭᠠᠯᠠᠬᠤ ᠴᠢᠬᠤᠯᠠ ᠲᠡᠶ ᠪᠣᠰᠤᠳ ᠣᠷᠤᠨ ᠳᠤ ᠣᠷᠴᠢᠨ ᠳᠤᠭᠤᠷᠢᠨ ᠢ ᠪᠣᠵᠠᠷᠳᠤᠭᠤᠯᠬᠤ ᠣᠢ᠌ᠯᠠᠤᠠᠪᠣᠷᠢ ᠶᠢᠨ ᠣᠢ᠌ᠯᠠᠤᠠᠪᠣᠷᠢᠯᠠᠯ ᠤᠨ ᠳᠦᠭᠦᠭᠡᠷᠦᠮᠵᠢ ᠪᠠᠢ᠌ᠭᠤᠯᠵᠤ ᠪᠣᠯᠬᠤ ᠦᠭᠡᠶ ︔ ᠪᠣᠰᠤᠳ ᠳᠦᠭᠦᠭᠡᠷᠦᠮᠵᠢ ᠪᠠᠢ᠌ᠭᠤᠯᠬᠤ ᠳᠤ ᠳᠡᠭᠦᠨ ᠤ ᠪᠣᠵᠠᠷᠳᠤᠯ ᠶᠠᠭᠤᠮ᠎ᠠ ᠭᠠᠷᠭᠠᠬᠤ ᠭᠡᠮᠵᠢᠶ᠎ᠡ ᠶᠢ ᠳᠤᠭᠳᠠᠭᠠᠭᠰᠠᠨ ᠭᠡᠮᠵᠢᠶ᠎ᠡ ᠡᠴᠡ ᠳᠠᠪᠠᠭᠤᠯᠵᠤ ᠪᠣᠯᠬᠤ ᠦᠭᠡᠶ᠃ ᠨᠢᠭᠡᠨᠲᠡ ᠪᠠᠢ᠌ᠭᠤᠯᠤᠭᠰᠠᠨ ᠳᠦᠭᠦᠭᠡᠷᠦᠮᠵᠢ ᠶᠢᠨ ᠪᠣᠵᠠᠷᠳᠤᠯ ᠶᠠᠭᠤᠮ᠎ᠠ ᠭᠠᠷᠭᠠᠬᠤ ᠭᠡᠮᠵᠢᠶ᠎ᠡ ᠨᠢ ᠳᠤᠭᠳᠠᠭᠠᠭᠰᠠᠨ ᠪᠠᠷᠢᠮᠵᠢᠶ᠎ᠠ ᠡᠴᠡ ᠳᠠᠪᠠᠭᠰᠠᠨ ᠪᠠᠢ᠌ᠪᠠᠯ ᠬᠤᠭᠤᠴᠠᠭ᠎ᠠ ᠳᠤᠭᠳᠠᠭᠠᠨ ᠵᠠᠰᠠᠭᠤᠯᠬᠤ ᠭᠡᠷᠡᠭ᠍ᠳᠡᠢ᠃

ᠠᠷᠪᠠ ᠶ‍ᠢᠰᠦᠳᠦᠭᠡᠷ ᠵᠣᠢ᠌ᠯ ᠪᠠᠢ᠌ᠭᠠᠯᠢ ᠶᠢᠨ ᠡᠭᠢ ᠪᠠᠶᠠᠯᠢᠭ ᠢ ᠨᠡᠭᠡᠭᠡᠨ ᠠᠰᠢᠭᠯᠠᠬᠤ ᠳᠤ ᠡᠷᠭᠡᠪᠰᠢ ᠠᠷᠭ᠎ᠠ ᠭᠡᠮᠵᠢᠶ᠎ᠡ ᠠᠪᠴᠤ ᠪᠠᠢ᠌ᠭᠠᠤᠨ ᠣᠷᠴᠢᠨ ᠠᠬᠤᠢ ᠶᠢ ᠬᠠᠮᠠᠭᠠᠯᠠᠬᠤ ᠭᠡᠷᠡᠭ᠍ᠳᠡᠢ᠃

ᠬᠤᠷᠢᠳᠤᠭᠠᠷ ᠵᠣᠢ᠌ᠯ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠭᠦᠳᠡᠭᠡ ᠠᠵᠤ ᠠᠬᠤᠢ ᠶᠢᠨ ᠣᠷᠴᠢᠨ ᠳᠤᠭᠤᠷᠢᠨ ᠤ ᠬᠠᠮᠠᠭᠠᠯᠠᠯᠳᠠ ᠶᠢ ᠴᠢᠩᠭ᠋ᠠᠤᠠᠬᠠᠵᠤ᠂ ᠭᠦᠷᠦᠰᠤ ᠰᠢᠷᠤᠢ ᠪᠣᠵᠠᠷᠳᠤᠬᠤ᠂ ᠭᠠᠵᠠᠷ ᠰᠢᠷᠤᠢ ᠡᠯᠡᠰᠦᠷᠭᠡᠭ᠍ᠵᠢᠭᠦ᠂ ᠬᠤᠵᠢᠷᠰᠢᠬᠤ᠂ ᠳᠠᠴᠢᠷᠰᠢᠬᠤ᠂ ᠨᠠᠮᠤᠭᠰᠢᠬᠤ᠂ ᠭᠠᠵᠠᠷ ᠤᠨ ᠭᠠᠳᠠᠷᠭᠤ ᠳᠤᠭᠤᠭᠰᠢ ᠰᠠᠭᠤᠬᠤ ᠶᠢ ᠰᠡᠷᠭᠡᠢ᠌ᠯᠡᠨ ᠵᠠᠰᠠᠬᠤ ᠪᠠ ᠣᠷᠭᠤᠮᠠᠯ ᠤᠨ ᠪᠦᠷᠭᠦᠴᠡ ᠡᠪᠳᠡᠭ᠍ᠳᠡᠭᠦ᠂ ᠭᠦᠷᠦᠰᠤ ᠰᠢᠷᠤᠢ ᠢᠳᠡᠭ᠍ᠳᠡᠭᠦ᠂ ᠣᠰᠤᠨ ᠤ ᠡᠭᠢ ᠰᠤᠷᠪᠣᠯᠵᠢ ᠬᠠᠳᠠᠵᠤ ᠰᠢᠷᠭᠢᠭᠦ᠂ ᠠᠮᠢᠳᠠᠨ ᠣᠷᠭᠤᠮᠠᠯ ᠮᠥᠭᠦᠵᠤ ᠰᠥᠨᠦᠭᠦ ᠵᠢᠴᠢ ᠣᠷᠴᠢᠨ ᠠᠬᠤᠢ ᠶᠢᠨ ᠳᠡᠩᠴᠡᠭᠦᠷᠢ ᠪᠠᠨ ᠠᠯᠳᠠᠬᠤ ᠪᠣᠰᠤᠳ ᠥᠵᠡᠭ᠍ᠳᠡᠯ ᠤᠨ ᠡᠭᠦᠰᠤᠨ ᠭᠦᠭ᠍ᠵᠢᠭᠦ ᠶᠢ ᠰᠡᠷᠭᠡᠢ᠌ᠯᠡᠨ ᠵᠠᠰᠠᠵᠤ᠂ ᠣᠷᠭᠤᠮᠠᠯ ᠤᠨ ᠭᠡᠮᠳᠦᠯ ᠬᠤᠷᠤᠬᠠᠢ᠌ᠳᠤᠯ ᠢ ᠶᠡᠷᠦᠩᠭᠡᠢ᠌ᠯᠡᠨ ᠰᠡᠷᠭᠡᠢ᠌ᠯᠡᠵᠤ ᠵᠠᠰᠠᠬᠤ ᠮᠡᠷᠭᠡᠵᠢᠯ ᠢ ᠳᠡᠯᠭᠡᠷᠡᠭᠦᠯᠵᠤ᠂ ᠭᠢᠮᠢ ᠶᠢᠨ ᠪᠣᠷᠳᠤᠭᠤᠷ᠂ ᠳᠠᠷᠢᠶᠠᠯᠠᠩ ᠤᠨ ᠡᠮ ᠵᠢᠴᠢ ᠣᠷᠭᠤᠮᠠᠯ ᠤᠨ ᠣᠷᠭᠤᠴᠠ ᠶᠢᠨ ᠬᠤᠷᠮᠤᠨ ᠢ ᠵᠦᠢ ᠵᠤᠭᠢᠰᠳᠠᠢ ᠪᠠᠷ ᠭᠡᠷᠡᠭᠯᠡᠭᠦ ᠭᠡᠷᠡᠭ᠍ᠳᠡᠢ᠃

ᠬᠤᠷᠢᠨ ᠨᠢᠭᠡᠳᠦᠭᠡᠷ ᠵᠣᠢ᠌ᠯ ᠲᠦᠷᠦ ᠶᠢᠨ ᠶᠠᠪᠣᠳᠠᠯ ᠤᠨ ᠬᠤᠷᠢᠶ᠎ᠠ ᠪᠣᠯᠤᠨ ᠳᠠᠯᠠᠢ ᠳᠠᠭᠠᠤ ᠣᠷᠤᠨ ᠤ ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠳᠠᠯᠠᠢ ᠳᠠᠩᠭᠢᠰ ᠤᠨ ᠣᠷᠴᠢᠨ ᠳᠤᠭᠤᠷᠢᠨ ᠤ ᠬᠠᠮᠠᠭᠠᠯᠠᠯᠳᠠ ᠶᠢ ᠴᠢᠩᠭ᠋ᠠᠤᠠᠬᠠᠬᠤ ᠭᠡᠷᠡᠭ᠍ᠳᠡᠢ᠃ ᠳᠠᠯᠠᠢ ᠳᠠᠩᠭᠢᠰ ᠲᠤ ᠪᠣᠵᠠᠷᠳᠤᠯ ᠶᠠᠭᠤᠮ᠎ᠠ ᠣᠷᠤᠭᠤᠯᠬᠤ᠂ ᠬᠠᠶᠠᠭᠳᠠᠮᠠᠯ ᠡᠳ᠋ ᠴᠢᠤᠠᠬᠤᠬᠤ᠂ ᠳᠠᠯᠠᠢ ᠶᠢᠨ ᠭᠦᠪᠠᠭᠡᠨ ᠤ ᠪᠠᠷᠢᠯᠭ᠎ᠠ ᠪᠠᠷᠢᠬᠤ ᠪᠠ ᠳᠠᠯᠠᠢ ᠳᠠᠩᠭᠢᠰ ᠤᠨ ᠴᠢᠯᠠᠭᠤᠨ ᠳᠤᠰᠤ ᠶᠢ ᠬᠠᠢ᠌ᠵᠤ ᠨᠡᠭᠡᠭᠡᠨ ᠠᠰᠢᠭᠯᠠᠬᠤ ᠳᠤ ᠡᠷᠭᠡᠪᠰᠢ ᠬᠠᠤᠯᠢ ᠶᠢᠨ ᠳᠤᠭᠳᠠᠭᠠᠯ ᠶᠤᠰᠤᠭᠠᠷ ᠳᠠᠯᠠᠢ ᠳᠠᠩᠭᠢᠰ ᠤᠨ ᠣᠷᠴᠢᠨ ᠳᠤᠭᠤᠷᠢᠨ ᠢ ᠪᠣᠵᠠᠷᠳᠤᠭᠤᠯᠤᠨ ᠡᠪᠳᠡᠭᠦ ᠶᠢ ᠰᠡᠷᠭᠡᠢ᠌ᠯᠡᠭᠦ ᠭᠡᠷᠡᠭ᠍ᠳᠡᠢ᠃

ᠬᠤᠷᠢᠨ ᠬᠤᠶᠠᠳᠤᠭᠠᠷ ᠵᠣᠢ᠌ᠯ ᠬᠤᠳᠠ ᠶᠢᠨ ᠳᠦᠯᠦᠪᠵᠢᠭᠦᠯᠭᠡ ᠳᠤᠭᠳᠠᠭᠠᠬᠤ ᠳᠠᠭᠠᠨ ᠣᠷᠴᠢᠨ ᠳᠤᠭᠤᠷᠢᠨ ᠢ ᠬᠠᠮᠠᠭᠠᠯᠠᠨ ᠰᠠᠢ᠌ᠵᠢᠷᠠᠭᠤᠯᠬᠤ ᠬᠠᠷᠠᠯᠳᠠ ᠪᠣᠯᠤᠨ ᠡᠭᠦᠷᠭᠡ ᠶᠢ ᠳᠤᠭᠳᠠᠭᠠᠬᠤ ᠭᠡᠷᠡᠭ᠍ᠳᠡᠢ᠃

ᠬᠤᠷᠢᠨ ᠭᠤᠷᠪᠠᠳᠤᠭᠠᠷ ᠵᠣᠢ᠌ᠯ ᠬᠤᠳᠠ ᠭᠦᠳᠡᠭᠡ ᠶᠢᠨ ᠪᠦᠳᠦᠭᠡᠨ ᠪᠠᠢ᠌ᠭᠤᠯᠤᠯᠳᠠ ᠶᠢ ᠭᠢᠭᠦ ᠳᠡᠭᠡᠨ ᠳᠤᠰ ᠭᠠᠵᠠᠷ ᠤᠨ ᠶᠢᠡᠨ ᠪᠠᠢ᠌ᠭᠠᠯᠢ ᠶᠢᠨ ᠣᠷᠴᠢᠨ ᠳᠤᠭᠤᠷᠢᠨ ᠤ ᠣᠠᠴᠠᠯᠢᠭ ᠲᠡᠶ ᠣᠶᠠᠯᠳᠤᠭᠤᠯᠵᠤ ᠣᠷᠭᠤᠮᠠᠯ ᠤᠨ ᠪᠦᠷᠭᠦᠴᠡ᠂ ᠣᠰᠤᠨ ᠳᠤᠭᠤᠷᠢᠮ ᠪᠣᠯᠤᠨ ᠪᠠᠢ᠌ᠭᠠᠯᠢ ᠶᠢᠨ ᠦᠵᠡᠮᠵᠢ ᠶᠢ ᠬᠠᠮᠠᠭᠠᠯᠠᠬᠤ ᠭᠡᠷᠡᠭ᠍ᠳᠡᠢ᠃ ᠬᠤᠳᠠ ᠶᠢᠨ ᠴᠡᠴᠡᠷᠯᠢᠭ᠌᠂ ᠡᠪᠠᠰᠦᠳᠤ ᠭᠠᠵᠠᠷ ᠪᠣᠯᠤᠨ ᠠᠯᠳᠠᠷᠳᠤ ᠦᠵᠡᠮᠵᠢᠳᠤ ᠣᠷᠤᠨ ᠤ ᠪᠦᠳᠦᠭᠡᠨ ᠪᠠᠢ᠌ᠭᠤᠯᠤᠯᠳᠠ ᠶᠢ ᠴᠢᠩᠭ᠋ᠠᠤᠠᠬᠠᠬᠤ ᠭᠡᠷᠡᠭ᠍ᠳᠡᠢ᠃


ᠳᠦᠷᠪᠠᠳᠦᠭᠡᠷ ᠪᠦᠯᠦᠭ᠌     ᠣᠷᠴᠢᠨ ᠳᠤᠭᠤᠷᠢᠨ ᠤ ᠪᠣᠵᠠᠷᠳᠤᠯ ᠪᠣᠯᠤᠨ ᠪᠣᠰᠤᠳ ᠨᠠᠢ᠌ᠳᠠ ᠶᠢᠨ ᠭᠠᠮᠰᠢᠭ ᠢ ᠰᠡᠷᠭᠡᠢ᠌ᠯᠡᠨ ᠵᠠᠰᠠᠬᠤ


ᠬᠤᠷᠢᠨ ᠳᠦᠷᠪᠠᠳᠦᠭᠡᠷ ᠵᠣᠢ᠌ᠯ ᠣᠷᠴᠢᠨ ᠳᠤᠭᠤᠷᠢᠨ ᠢ ᠪᠣᠵᠠᠷᠳᠤᠭᠤᠯᠬᠤ ᠪᠠ ᠪᠣᠰᠤᠳ ᠨᠠᠢ᠌ᠳᠠ ᠶᠢᠨ ᠭᠠᠮᠰᠢᠭ ᠭᠠᠷᠭᠠᠬᠤ ᠨᠢᠭᠡᠴᠡ ᠨᠤᠭᠦᠳ ᠣᠷᠴᠢᠨ ᠳᠤᠭᠤᠷᠢᠨ ᠢ ᠬᠠᠮᠠᠭᠠᠯᠠᠬᠤ ᠠᠵᠢᠯ ᠢ ᠵᠠᠪᠠᠯ ᠳᠦᠯᠦᠪᠯᠡᠭᠡ ᠳᠡᠭᠡᠨ ᠣᠷᠤᠭᠤᠯᠵᠤ᠂ ᠣᠷᠴᠢᠨ ᠳᠤᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠳᠤᠭᠳᠠᠭᠠᠬᠤ ᠭᠡᠷᠡᠭ᠍ᠳᠡᠢ ︔ ᠣᠢ᠌ᠯᠠᠤᠠᠪᠣᠷᠢᠯᠠᠯ ᠪᠦᠳᠦᠭᠡᠨ ᠪᠠᠢ᠌ᠭᠤᠯᠤᠯᠳᠠ ᠪᠣᠯᠤᠨ ᠪᠣᠰᠤᠳ ᠠᠵᠢᠯᠯᠠᠭ᠎ᠠ ᠡᠴᠡ ᠡᠭᠦᠰᠭᠦ ᠬᠠᠶᠠᠭᠳᠠᠮᠠᠯ ᠭᠡᠢ᠂ ᠬᠠᠶᠠᠭᠳᠠᠮᠠᠯ ᠣᠰᠤ᠂ ᠬᠠᠶᠠᠭᠳᠠᠮᠠᠯ ᠰᠢᠭᠠᠷᠤᠭ᠂ ᠨᠤᠨᠳᠤᠭ ᠳᠤᠭᠤᠰᠤ᠂ ᠥᠮᠡᠭᠡᠢ ᠭᠡᠢ᠂ ᠰᠠᠴᠤᠷᠠᠭ ᠪᠣᠳᠠᠰ ᠵᠢᠴᠢ ᠱᠤᠤᠭᠢᠶᠠᠨ᠂ ᠳᠤᠷᠭᠢᠶᠠᠨ᠂ ᠴᠠᠭᠢᠯᠭᠠᠨ ᠰᠤᠷᠢᠠᠵᠢᠨ ᠳᠤᠯᠭᠢᠶᠠᠨ ᠤ ᠰᠠᠴᠤᠷᠠᠭ ᠵᠡᠷᠭᠡ ᠶᠢᠨ ᠣᠷᠴᠢᠨ ᠳᠤᠭᠤᠷᠢᠨ ᠢ ᠪᠣᠵᠠᠷᠳᠤᠭᠤᠯᠤᠨ ᠭᠠᠮᠰᠢᠭᠳᠠᠭᠤᠯᠬᠤ ᠶᠢ ᠭᠦᠴᠦᠳᠡᠢ ᠠᠷᠭ᠎ᠠ ᠭᠡᠮᠵᠢᠶ᠎ᠡ ᠠᠪᠴᠤ ᠪᠠᠢ᠌ᠭᠠᠤᠨ ᠰᠡᠷᠭᠡᠢ᠌ᠯᠡᠨ ᠵᠠᠰᠠᠬᠤ ᠭᠡᠷᠡᠭ᠍ᠳᠡᠢ᠃

ᠬᠤᠷᠢᠨ ᠳᠠᠪᠣᠳᠤᠭᠠᠷ ᠵᠣᠢ᠌ᠯ ᠰᠢᠨ᠎ᠠ ᠪᠠᠷ ᠠᠵᠤ ᠣᠢ᠌ᠯᠠᠤᠠᠪᠣᠷᠢ ᠶᠢᠨ ᠠᠵᠤ ᠠᠬᠤᠢ᠌ᠯᠠᠯ ᠪᠠᠢ᠌ᠭᠤᠯᠬᠤ ᠪᠠ ᠣᠳᠤ ᠪᠠᠢ᠌ᠭ᠎ᠠ ᠠᠵᠤ ᠣᠢ᠌ᠯᠠᠤᠠᠪᠣᠷᠢ ᠶᠢᠨ ᠠᠵᠤ ᠠᠬᠤᠢ᠌ᠯᠠᠯ ᠳᠤ ᠳᠸᠭ᠍ᠨᠢᠭ᠌ ᠮᠡᠷᠭᠡᠵᠢᠯ ᠤᠨ ᠥᠭᠡᠷᠡᠴᠢᠯᠡᠯᠳᠡ ᠭᠢᠭᠦ ᠳᠡᠭᠡᠨ ᠡᠭᠢ ᠪᠠᠶᠠᠯᠢᠭ ᠢ ᠠᠰᠢᠭᠯᠠᠬᠤ ᠨᠤᠷᠮ᠎ᠠ ᠪᠠᠷ ᠦᠨᠳᠦᠷ᠂ ᠪᠣᠵᠠᠷᠳᠤᠯ ᠶᠠᠭᠤᠮ᠎ᠠ ᠭᠠᠷᠭᠠᠬᠤ ᠭᠡᠮᠵᠢᠶ᠎ᠡ ᠨᠢ ᠪᠠᠭ᠎ᠠ ᠳᠦᠭᠦᠭᠡᠷᠦᠮᠵᠢ ᠪᠠ ᠮᠡᠷᠭᠡᠰᠢᠯ ᠢ ᠭᠡᠷᠡᠭᠯᠡᠵᠤ᠂ ᠬᠠᠶᠠᠭᠳᠠᠮᠠᠯ ᠡᠳ᠋ ᠢ ᠶᠡᠷᠦᠩᠭᠡᠢ᠌ᠯᠡᠨ ᠠᠰᠢᠭᠯᠠᠬᠤ ᠪᠠ ᠪᠣᠵᠠᠷᠳᠤᠯ ᠶᠠᠭᠤᠮ᠎ᠠ ᠶᠢ ᠰᠢ᠌ᠦᠡᠪᠦᠷᠢᠯᠡᠭᠦ ᠳᠤ ᠭᠢᠮᠳᠠ ᠪᠦᠭᠡᠤᠨ ᠵᠦᠢ ᠵᠤᠭᠢᠰᠳᠠᠢ ᠳᠸᠭ᠍ᠨᠢᠭ᠌ ᠮᠡᠷᠭᠡᠵᠢᠯ ᠢ ᠭᠡᠷᠡᠭᠯᠡᠭᠦ ᠭᠡᠷᠡᠭ᠍ᠳᠡᠢ᠃

ᠬᠤᠷᠢᠨ ᠵᠢᠷᠭᠤᠳᠤᠭᠠᠷ ᠵᠣᠢ᠌ᠯ ᠪᠦᠳᠦᠭᠡᠨ ᠪᠠᠢ᠌ᠭᠤᠯᠤᠯᠳᠠ ᠶᠢᠨ ᠵᠣᠢ᠌ᠯ ᠳ᠋ᠠᠭᠢ ᠪᠣᠵᠠᠷᠳᠤᠯ ᠢ ᠰᠡᠷᠭᠡᠢ᠌ᠯᠡᠭᠦ ᠳᠦᠭᠦᠭᠡᠷᠦᠮᠵᠢ ᠶᠢ ᠡᠷᠭᠡᠪᠰᠢ ᠭᠤᠤᠯ ᠪᠠᠷᠢᠯᠭ᠎ᠠ ᠲᠡᠶ ᠵᠢᠷᠤᠭ ᠳᠦᠯᠦᠪᠯᠡᠭᠡ ᠭᠢᠵᠤ ᠵᠡᠷᠭᠡᠪᠠᠷ ᠪᠠᠷᠢᠵᠤ ᠵᠡᠷᠭᠡᠪᠠᠷ ᠠᠰᠢᠭᠯᠠᠯᠳᠠ ᠳᠤ ᠣᠷᠤᠭᠤᠯᠬᠤ ᠭᠡᠷᠡᠭ᠍ᠳᠡᠢ᠃ ᠪᠣᠵᠠᠷᠳᠤᠯ ᠢ ᠰᠡᠷᠭᠡᠢ᠌ᠯᠡᠭᠦ ᠳᠦᠭᠦᠭᠡᠷᠦᠮᠵᠢ ᠶᠢ ᠡᠷᠭᠡᠪᠰᠢ ᠣᠷᠴᠢᠨ ᠳᠤᠭᠤᠷᠢᠨ ᠳᠤ ᠥᠵᠡᠭᠦᠯᠭᠦ ᠨᠥᠯᠦᠭᠡ ᠶᠢᠨ ᠳᠤᠬᠠᠢ ᠮᠡᠳᠡᠭᠦᠯᠦᠯᠳᠡ ᠶᠢᠨ ᠪᠢᠴᠢᠭ᠌ ᠢ ᠭᠢᠨᠠᠨ ᠵᠥᠪᠰᠢᠶᠡᠷᠡᠭ᠍ᠰᠡᠨ ᠣᠤᠯ ᠤᠨ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠶᠢᠡᠷ ᠰᠢᠯᠭᠠᠭᠤᠯᠤᠭᠠᠤᠨ ᠭᠢᠷᠢ ᠳᠡᠩᠴᠡᠭ᠍ᠰᠡᠨ ᠤ ᠳᠠᠷᠠᠭ᠎ᠠ᠂ ᠳᠤᠰ ᠪᠦᠳᠦᠭᠡᠨ ᠪᠠᠢ᠌ᠭᠤᠯᠤᠯᠳᠠ ᠶᠢᠨ ᠵᠣᠢ᠌ᠯ ᠢ ᠰᠠ‍‌ᠶᠢ ᠣᠢ᠌ᠯᠠᠤᠠᠪᠣᠷᠢᠯᠠᠯ ᠪᠣᠶᠤ ᠠᠰᠢᠭᠯᠠᠯᠳᠠ ᠳᠤ ᠣᠷᠤᠭᠤᠯᠵᠤ ᠪᠣᠯᠤᠨ᠎ᠠ᠃

ᠪᠣᠵᠠᠷᠳᠤᠯ ᠢ ᠰᠡᠷᠭᠡᠢ᠌ᠯᠡᠭᠦ ᠳᠦᠭᠦᠭᠡᠷᠦᠮᠵᠢ ᠶᠢ ᠳᠤᠷ᠎ᠠ ᠪᠠᠷ ᠶᠢᠡᠨ ᠠᠪᠴᠤ ᠬᠠᠶᠠᠬᠤ ᠪᠣᠶᠤ ᠰᠤᠯᠠ ᠳᠠᠯᠪᠢᠭᠳᠠᠭᠤᠯᠵᠤ ᠪᠣᠯᠬᠤ ᠦᠭᠡᠶ᠃ ᠵᠠᠪᠠᠯ ᠰᠠᠯᠭᠠᠨ ᠬᠠᠶᠠᠬᠤ ᠪᠣᠶᠤ ᠰᠤᠯᠠ ᠳᠠᠯᠪᠢᠭᠳᠠᠬᠤ ᠴᠢᠬᠤᠯᠠᠳᠠᠢ ᠪᠠᠢ᠌ᠪᠠᠯ ᠡᠷᠭᠡᠪᠰᠢ ᠳᠡᠭᠦᠨ ᠤ ᠪᠠᠢ᠌ᠭ᠎ᠠ ᠭᠠᠵᠠᠷ ᠤᠨ ᠶᠢᠡᠨ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠶᠢᠡᠷ ᠵᠥᠪᠰᠢᠶᠡᠷᠡᠭᠦᠯᠭᠦ ᠭᠡᠷᠡᠭ᠍ᠳᠡᠢ᠃

ᠬᠤᠷᠢᠨ ᠳᠤᠯᠤᠳᠤᠭᠠᠷ ᠵᠣᠢ᠌ᠯ ᠪᠣᠵᠠᠷᠳᠤᠯ ᠶᠠᠭᠤᠮ᠎ᠠ ᠭᠠᠷᠭᠠᠬᠤ ᠠᠵᠤ ᠠᠬᠤᠢ᠌ᠯᠠᠯ ᠠᠵᠢᠯ ᠣᠢ᠌ᠯᠠᠰ ᠤᠨ ᠨᠢᠭᠡᠴᠡ ᠡᠷᠭᠡᠪᠰᠢ ᠲᠦᠷᠦ ᠶᠢᠨ ᠶᠠᠪᠣᠳᠠᠯ ᠤᠨ ᠬᠤᠷᠢᠶᠠᠨ ᠤ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠤᠨ ᠳᠤᠭᠳᠠᠭᠠᠯ ᠶᠤᠰᠤᠭᠠᠷ ᠮᠡᠳᠡᠭᠦᠯᠵᠤ ᠳᠠᠩᠰᠠᠯᠠᠭᠤᠯᠬᠤ ᠭᠡᠷᠡᠭ᠍ᠳᠡᠢ᠃

ᠬᠤᠷᠢᠨ ᠨᠢ᠋ᠮᠠᠳᠤᠭᠠᠷ ᠵᠣᠢ᠌ᠯ ᠪᠣᠵᠠᠷᠳᠤᠯ ᠶᠠᠭᠤᠮ᠎ᠠ ᠭᠠᠷᠭᠠᠬᠤ ᠭᠡᠮᠵᠢᠶ᠎ᠡ ᠨᠢ ᠣᠯᠤᠰ ᠤᠨ ᠪᠠ ᠣᠷᠤᠨ ᠨᠤᠳᠤᠭ ᠤᠨ ᠪᠣᠵᠠᠷᠳᠤᠯ ᠶᠠᠭᠤᠮ᠎ᠠ ᠭᠠᠷᠭᠠᠬᠤ ᠪᠠᠷᠢᠮᠵᠢᠶ᠎ᠠ ᠡᠴᠡ ᠭᠡᠳᠦᠷᠡᠭ᠍ᠰᠡᠨ ᠠᠵᠤ ᠠᠬᠤᠢ᠌ᠯᠠᠯ ᠠᠵᠤ ᠣᠢ᠌ᠯᠠᠰ ᠤᠨ ᠨᠢᠭᠡᠴᠡ ᠨᠤᠭᠦᠳ ᠪᠠᠷᠢᠮᠵᠢᠶ᠎ᠠ ᠡᠴᠡ ᠭᠡᠳᠦᠷᠡᠭ᠍ᠰᠡᠨ ᠪᠣᠵᠠᠷᠳᠤᠯ ᠶᠠᠭᠤᠮ᠎ᠠ ᠭᠠᠷᠭᠠᠭᠰᠠᠨ ᠵᠠᠷᠤᠳᠠᠯ ᠢ ᠣᠯᠤᠰ ᠤᠨ ᠳᠤᠭᠳᠠᠭᠠᠯ ᠶᠤᠰᠤᠭᠠᠷ ᠳᠤᠰᠢᠶᠠᠬᠤ ᠭᠡᠷᠡᠭ᠍ᠳᠡᠢ ᠪᠦᠭᠡᠤᠨ ᠵᠠᠰᠠᠬᠤ ᠠᠵᠢᠯ ᠢ ᠬᠠᠷᠢᠭᠤᠴᠠᠬᠤ ᠭᠡᠷᠡᠭ᠍ᠳᠡᠢ᠃ ᠣᠰᠤᠨ ᠤ ᠪᠣᠵᠠᠷᠳᠤᠯ ᠢ ᠰᠡᠷᠭᠡᠢ᠌ᠯᠡᠨ ᠵᠠᠰᠠᠬᠤ ᠬᠠᠤᠯᠢ ᠳᠤ ᠣᠠᠳᠤᠤ ᠳᠤᠭᠳᠠᠭᠠᠯ ᠲᠡᠶ ᠨᠢ ᠣᠰᠤᠨ ᠤ ᠪᠣᠵᠠᠷᠳᠤᠯ ᠢ ᠰᠡᠷᠭᠡᠢ᠌ᠯᠡᠨ ᠵᠠᠰᠠᠬᠤ ᠬᠠᠤᠯᠢ ᠶᠢᠨ ᠳᠤᠭᠳᠠᠭᠠᠯ ᠶᠤᠰᠤᠭᠠᠷ ᠭᠡᠷᠡᠭ᠍ᠵᠢᠭᠦᠯᠦᠨ᠎ᠡ᠃

ᠪᠣᠵᠠᠷᠳᠤᠯ ᠭᠠᠷᠭᠠᠬᠤ ᠪᠠᠷᠢᠮᠵᠢᠶ᠎ᠠ ᠡᠴᠡ ᠭᠡᠳᠦᠷᠡᠭᠦᠯᠦᠭ᠍ᠰᠡᠨ ᠡᠴᠡ ᠪᠣᠯᠵᠤ ᠳᠠᠳᠠᠪᠣᠷᠢᠯᠠᠭᠰᠠᠨ ᠵᠠᠷᠤᠳᠠᠯ ᠢ ᠡᠷᠭᠡᠪᠰᠢ ᠪᠣᠵᠠᠷᠳᠤᠯ ᠢ ᠰᠡᠷᠭᠡᠢ᠌ᠯᠡᠨ ᠵᠠᠰᠠᠬᠤ ᠣᠢ᠌ᠯᠠᠰ ᠲᠤ ᠭᠡᠷᠡᠭᠯᠡᠭᠦ ᠭᠡᠷᠡᠭ᠍ᠳᠡᠢ᠂ ᠪᠣᠰᠤᠳ ᠵᠣᠢ᠌ᠯ ᠳᠤ ᠰᠢᠯᠵᠢᠭᠦᠯᠤᠨ ᠭᠡᠷᠡᠭᠯᠡᠵᠤ ᠪᠣᠯᠬᠤ ᠦᠭᠡᠶ᠂ ᠪᠣᠳᠠᠳᠠᠢ ᠭᠡᠷᠡᠭᠯᠡᠭᠦ ᠠᠷᠭ᠎ᠠ ᠶᠢ ᠲᠦᠷᠦ ᠶᠢᠨ ᠶᠠᠪᠣᠳᠠᠯ ᠤᠨ ᠬᠤᠷᠢᠶ᠎ᠠ ᠡᠴᠡ ᠳᠤᠭᠳᠠᠭᠠᠨ᠎ᠠ᠃

ᠬᠤᠷᠢ ᠶ‍ᠢᠰᠦᠳᠦᠭᠡᠷ ᠵᠣᠢ᠌ᠯ ᠣᠷᠴᠢᠨ ᠳᠤᠭᠤᠷᠢᠨ ᠢ ᠭᠦᠡᠳᠤ ᠨᠤᠴᠢᠳᠠᠢ ᠪᠣᠵᠠᠷᠳᠤᠭᠤᠯᠤᠭᠰᠠᠨ ᠠᠵᠤ ᠠᠬᠤᠢ᠌ᠯᠠᠯ ᠠᠵᠢᠯ ᠣᠢ᠌ᠯᠠᠰ ᠤᠨ ᠨᠢᠭᠡᠴᠡ ᠶᠢ ᠬᠤᠭᠤᠴᠠᠭ᠎ᠠ ᠳᠤᠭᠳᠠᠭᠠᠨ ᠵᠠᠰᠠᠭᠤᠯᠬᠤ ᠭᠡᠷᠡᠭ᠍ᠳᠡᠢ᠃

ᠲᠦᠪ ᠤᠨ ᠪᠣᠶᠤ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠳᠤ ᠰᠢᠭᠤᠳ ᠬᠠᠮᠢᠶᠠᠷᠤᠭᠳᠠᠬᠤ ᠠᠵᠤ ᠠᠬᠤᠢ᠌ᠯᠠᠯ ᠠᠵᠢᠯ ᠣᠢ᠌ᠯᠠᠰ ᠤᠨ ᠨᠢᠭᠡᠴᠡ ᠶᠢ ᠬᠤᠭᠤᠴᠠᠭ᠎ᠠ ᠳᠤᠭᠳᠠᠭᠠᠨ ᠵᠠᠰᠠᠭᠤᠯᠬᠤ ᠶᠠᠪᠣᠳᠠᠯ ᠢ ᠮᠤᠵᠢ᠂ ᠥᠪᠠᠷᠳᠡᠭᠡᠨ ᠵᠠᠰᠠᠬᠤ ᠣᠷᠤᠨ᠂ ᠰᠢᠭᠤᠳ ᠬᠠᠷᠢᠶ᠎ᠠ ᠬᠤᠳᠠ ᠶᠢᠨ ᠠᠷᠠᠤᠨ ᠤᠨ ᠵᠠᠰᠠᠭ ᠤᠨ ᠣᠷᠳᠤᠨ ᠳᠤᠭᠳᠠᠭᠠᠨ᠎ᠠ᠃ ᠬᠤᠳᠠ᠂ ᠰᠢᠶᠠᠨ ᠪᠣᠶᠤ ᠬᠤᠳᠠ ᠰᠢᠶᠠᠨ ᠡᠴᠡ ᠳᠤᠷᠤᠭᠰᠢᠭᠢ ᠱᠠᠳᠤᠨ ᠤ ᠠᠷᠠᠤᠨ ᠤᠨ ᠵᠠᠰᠠᠭ ᠤᠨ ᠣᠷᠳᠤᠨ ᠳᠤ ᠬᠠᠮᠢᠶᠠᠷᠤᠭᠳᠠᠬᠤ ᠠᠵᠤ ᠠᠬᠤᠢ᠌ᠯᠠᠯ ᠠᠵᠢᠯ ᠣᠢ᠌ᠯᠠᠰ ᠤᠨ ᠨᠢᠭᠡᠴᠢ ᠶᠢ ᠬᠤᠭᠤᠴᠠᠭ᠎ᠠ ᠳᠤᠭᠳᠠᠭᠠᠨ ᠵᠠᠰᠠᠭᠤᠯᠬᠤ ᠶᠠᠪᠣᠳᠠᠯ ᠢ ᠬᠤᠳᠠ ᠰᠢᠶᠠᠨ ᠤ ᠠᠷᠠᠤᠨ ᠤᠨ ᠵᠠᠰᠠᠭ ᠤᠨ ᠣᠷᠳᠤᠨ ᠳᠤᠭᠳᠠᠭᠠᠨ᠎ᠠ᠃ ᠬᠤᠭᠤᠴᠠᠭ᠎ᠠ ᠳᠤᠭᠳᠠᠭᠠᠨ ᠵᠠᠰᠠᠬᠤ ᠠᠵᠢᠯ ᠢ ᠭᠢᠭᠦ ᠠᠵᠤ ᠠᠬᠤᠢ᠌ᠯᠠᠯ ᠠᠵᠢᠯ ᠣᠢ᠌ᠯᠠᠰ ᠤᠨ ᠨᠢᠭᠡᠴᠡ ᠵᠠᠰᠠᠬᠤ ᠡᠭᠦᠷᠭᠡ ᠪᠠᠨ ᠡᠷᠭᠡᠪᠰᠢ ᠳᠤᠭᠳᠠᠭᠰᠠᠨ ᠬᠤᠭᠤᠴᠠᠭᠠᠨ ᠳᠤ ᠪᠠᠶᠡᠯᠡᠭᠦᠯᠭᠦ ᠭᠡᠷᠡᠭ᠍ᠳᠡᠢ᠃

ᠭᠤᠴᠢᠳᠤᠭᠠᠷ ᠵᠣᠢ᠌ᠯ ᠮᠠᠨ ᠤ ᠣᠯᠤᠰ ᠤᠨ ᠣᠷᠴᠢᠨ ᠳᠤᠭᠤᠷᠢᠨ ᠢ ᠬᠠᠮᠠᠭᠠᠯᠠᠬᠤ ᠳᠤᠭᠳᠠᠭᠠᠯ ᠤᠨ ᠱᠠᠭᠠᠷᠳᠠᠯᠭ᠎ᠠ ᠳᠤ ᠨᠡᠢ᠌ᠴᠡᠭᠦ ᠦᠭᠡᠶ ᠳᠸᠭ᠍ᠨᠢᠭ᠌ ᠮᠡᠷᠭᠡᠵᠢᠯ ᠪᠠ ᠳᠦᠭᠦᠭᠡᠷᠦᠮᠵᠢ ᠶᠢ ᠣᠷᠤᠭᠤᠯᠤᠨ ᠠᠪᠴᠢᠷᠠᠬᠤ ᠶᠢ ᠴᠠᠭᠠᠵᠠᠯᠠᠨ᠎ᠠ᠃

ᠭᠤᠴᠢᠨ ᠨᠢᠭᠡᠳᠦᠭᠡᠷ ᠵᠣᠢ᠌ᠯ ᠡ᠊ᠨᠳᠡᠯ ᠭᠠᠷᠤᠭᠰᠠᠨ ᠪᠣᠶᠤ ᠪᠣᠰᠤᠳ ᠭᠡᠨᠡᠳᠲᠡ ᠶᠢᠨ ᠭᠡᠷᠡᠭ᠌ ᠡᠴᠡ ᠪᠣᠯᠤᠭᠠᠤᠨ ᠪᠣᠵᠠᠷᠳᠤᠭᠤᠯᠤᠭᠰᠠᠨ ᠪᠣᠶᠤ ᠪᠣᠵᠠᠷᠳᠤᠭᠤᠯᠬᠤ ᠡ᠊ᠨᠳᠡᠯ ᠭᠠᠷᠭᠠᠵᠤ ᠮᠡᠳᠡᠭᠦ ᠨᠢᠭᠡᠴᠡ ᠡᠷᠭᠡᠪᠰᠢ ᠳᠦᠷᠭᠡᠨ ᠠᠷᠭ᠎ᠠ ᠭᠡᠮᠵᠢᠶ᠎ᠡ ᠠᠪᠴᠤ ᠰᠢ᠌ᠤᠠᠪᠣᠷᠢᠯᠠᠵᠤ᠂ ᠪᠣᠵᠠᠷᠳᠤᠬᠤ ᠠᠶᠤᠯᠳᠠᠢ ᠨᠢᠭᠡᠴᠡ ᠪᠠ ᠰᠠᠭᠤᠭᠠᠯᠢ ᠠᠷᠠᠤᠨ ᠲᠤ ᠴᠠᠭ ᠳᠤᠬᠠᠢ ᠳ᠋ᠤᠨᠢ ᠮᠡᠳᠡᠭ᠍ᠳᠡᠭᠦ ᠶᠢᠨ ᠬᠠᠮᠳᠤ ᠳᠤᠰ ᠭᠠᠵᠠᠷ ᠤᠨ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠪᠠ ᠬᠤᠯᠪᠣᠭᠳᠠᠯ ᠪᠦᠭᠦᠢ ᠰᠠᠯᠠᠭ᠎ᠠ ᠮᠦᠴᠢᠷ ᠲᠤ ᠮᠡᠳᠡᠭᠦᠯᠵᠤ᠂ ᠪᠠᠢ᠌ᠴᠠᠭᠠᠯᠭᠠᠵᠤ ᠰᠢ᠌ᠦᠡᠪᠦᠷᠢᠯᠡᠭᠦ ᠭᠡᠷᠡᠭ᠍ᠳᠡᠢ᠃ ᠭᠦᠡᠳᠤ ᠶᠡᠭᠡ ᠪᠣᠵᠠᠷᠳᠤᠭᠤᠯᠤᠯ ᠤᠨ ᠡ᠊ᠨᠳᠡᠯ ᠭᠠᠷᠴᠤ ᠮᠡᠳᠡᠭᠦ ᠠᠵᠤ ᠠᠬᠤᠢ᠌ᠯᠠᠯ ᠠᠵᠢᠯ ᠣᠢ᠌ᠯᠠᠰ ᠤᠨ ᠨᠢᠭᠡᠴᠡ ᠠᠷᠭ᠎ᠠ ᠭᠡᠮᠵᠢᠶ᠎ᠡ ᠠᠪᠴᠤ᠂ ᠰᠡᠷᠭᠡᠢ᠌ᠯᠡᠭᠦ ᠠᠵᠢᠯ ᠶᠢᠡᠨ ᠴᠢᠩᠭ᠋ᠠᠤᠠᠬᠠᠬᠤ ᠭᠡᠷᠡᠭ᠍ᠳᠡᠢ᠃

ᠭᠤᠴᠢᠨ ᠬᠤᠶᠠᠳᠤᠭᠠᠷ ᠵᠣᠢ᠌ᠯ ᠰᠢᠶᠠᠨ ᠤ ᠱᠠᠳᠤᠨ ᠡᠴᠡ ᠳᠡᠭᠡᠭ᠍ᠰᠢᠭᠢ ᠣᠷᠤᠨ ᠨᠤᠳᠤᠭ ᠤᠨ ᠠᠷᠠᠤᠨ ᠤᠨ ᠵᠠᠰᠠᠭ ᠤᠨ ᠣᠷᠳᠤᠨ ᠤ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠣᠷᠴᠢᠨ ᠳᠤᠭᠤᠷᠢᠨ ᠭᠦᠡᠳᠤ ᠨᠤᠴᠢᠳᠠᠢ ᠪᠣᠵᠠᠷᠳᠤᠭᠠᠤᠨ ᠰᠠᠭᠤᠭᠠᠯᠢ ᠠᠷᠠᠤᠨ ᠤᠨ ᠠᠮᠢ ᠨᠠᠰᠤ ᠡᠳ᠋ ᠭᠦᠷᠦᠩᠭᠡ ᠶᠢᠨ ᠠᠮᠤᠷ ᠲᠦᠪᠰᠢᠨ ᠢ ᠰᠥᠷᠳᠡᠭᠦᠯᠭᠦ ᠳᠤ ᠭᠦᠷᠪᠠᠯ᠂ ᠡᠷᠭᠡᠪᠰᠢ ᠳᠤᠰ ᠭᠠᠵᠠᠷ ᠤᠨ ᠠᠷᠠᠤᠨ ᠤᠨ ᠵᠠᠰᠠᠭ ᠤᠨ ᠣᠷᠳᠤᠨ ᠳᠤ ᠳᠦᠷᠭᠡᠨ ᠮᠡᠳᠡᠭᠦᠯᠵᠤ᠂ ᠠᠷᠠᠤᠨ ᠤᠨ ᠵᠠᠰᠠᠭ ᠤᠨ ᠣᠷᠳᠤᠨ ᠪᠦᠳᠦᠮᠵᠢᠳᠡᠢ ᠠᠷᠭ᠎ᠠ ᠭᠡᠮᠵᠢᠶ᠎ᠡ ᠠᠪᠴᠤ ᠬᠤᠭᠢᠷᠠᠯ ᠢ ᠭᠠᠷᠭᠠᠬᠤ ᠦᠭᠡᠶ ᠪᠣᠶᠤ ᠪᠠᠭᠠᠰᠬᠠᠬᠤ ᠭᠡᠷᠡᠭ᠍ᠳᠡᠢ᠃

ᠭᠤᠴᠢᠨ ᠭᠤᠷᠪᠠᠳᠤᠭᠠᠷ ᠵᠣᠢ᠌ᠯ ᠬᠤᠤᠷᠳᠠᠢ ᠭᠢᠮᠢ ᠶᠢᠨ ᠡᠳ᠋ ᠪᠣᠶᠤ ᠰᠠᠴᠤᠷᠠᠭ ᠪᠣᠳᠠᠰ ᠠᠭᠤᠯᠤᠭᠳᠠᠵᠤ ᠪᠠᠢ᠌ᠭ᠎ᠠ ᠶᠠᠭᠤᠮ᠎ᠠ ᠶᠢ ᠥᠢᠯᠤᠨᠪᠦᠷᠢᠯᠡᠭᠦ᠂ ᠬᠠᠳᠠᠭᠠᠯᠠᠬᠤ᠂ ᠵᠥᠭᠡᠭᠡᠪᠦᠷᠢᠯᠡᠭᠦ᠂ ᠪᠣᠷᠤᠯᠠᠭᠤᠯᠬᠤ ᠪᠠ ᠭᠡᠷᠡᠭᠯᠡᠭᠦ ᠳᠡᠭᠡᠨ ᠡᠷᠭᠡᠪᠰᠢ ᠣᠯᠤᠰ ᠤᠨ ᠬᠤᠯᠪᠣᠭᠳᠠᠯ ᠪᠦᠭᠦᠢ ᠳᠤᠭᠳᠠᠭᠠᠯ ᠢ ᠵᠢᠷᠤᠮᠯᠠᠨ᠂ ᠣᠷᠴᠢᠨ ᠳᠤᠭᠤᠷᠢᠨ ᠢ ᠪᠣᠵᠠᠷᠳᠤᠭᠤᠯᠬᠤ ᠶᠢ ᠰᠡᠷᠭᠡᠢ᠌ᠯᠡᠭᠦ ᠭᠡᠷᠡᠭ᠍ᠳᠡᠢ᠃

ᠭᠤᠴᠢᠨ ᠳᠦᠷᠪᠠᠳᠦᠭᠡᠷ ᠵᠣᠢ᠌ᠯ ᠶᠠᠮᠠᠷᠪᠠ ᠨᠢᠭᠡᠴᠡ ᠭᠦᠡᠳᠤ ᠨᠤᠴᠢᠳᠠᠢ ᠪᠣᠵᠠᠷᠳᠤᠯ ᠭᠠᠷᠭᠠᠬᠤ ᠣᠢ᠌ᠯᠠᠤᠠᠪᠣᠷᠢᠯᠠᠯ ᠤᠨ ᠳᠦᠭᠦᠭᠡᠷᠦᠮᠵᠢ ᠪᠠᠨ ᠪᠣᠵᠠᠷᠳᠤᠯ ᠢ ᠰᠡᠷᠭᠡᠢ᠌ᠯᠡᠨ ᠵᠠᠰᠠᠬᠤ ᠴᠢᠳᠠᠯ ᠦᠭᠡᠶ ᠨᠢᠭᠡᠴᠡ ᠳᠤ ᠰᠢᠯᠵᠢᠭᠦᠯᠤᠨ ᠥᠭ᠍ᠴᠤ ᠭᠡᠷᠡᠭᠯᠡᠭᠦᠯᠵᠤ ᠪᠣᠯᠬᠤ ᠦᠭᠡᠶ᠃


ᠳᠠᠪᠣᠳᠤᠭᠠᠷ ᠪᠦᠯᠦᠭ᠌     ᠬᠠᠤᠯᠢ ᠶᠢᠨ ᠬᠠᠷᠢᠭᠤᠴᠠᠯᠭ᠎ᠠ


ᠭᠤᠴᠢᠨ ᠳᠠᠪᠣᠳᠤᠭᠠᠷ ᠵᠣᠢ᠌ᠯ ᠳᠤᠰ ᠬᠠᠤᠯᠢ ᠶᠢᠨ ᠳᠤᠭᠳᠠᠭᠠᠯ ᠢ ᠵᠥᠷᠢᠴᠡᠭᠡᠤᠨ᠂ ᠳᠤᠤᠷ᠎ᠠ ᠳᠤᠷᠠᠳᠤᠭᠰᠠᠨ ᠨᠢᠭᠡ ᠵᠣᠢ᠌ᠯ ᠤᠨ ᠠᠵᠢᠯᠯᠠᠭ᠎ᠠ ᠲᠡᠶ ᠪᠠᠢ᠌ᠪᠠᠯ᠂ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠪᠣᠶᠤ ᠬᠠᠤᠯᠢ ᠶᠢᠨ ᠳᠤᠭᠳᠠᠭᠠᠯ ᠶᠤᠰᠤᠭᠠᠷ ᠣᠷᠴᠢᠨ ᠳᠤᠭᠤᠷᠢᠨ ᠢ ᠭᠢᠨᠠᠵᠤ ᠬᠠᠮᠢᠶᠠᠷᠬᠤ ᠡᠷᠭᠡ ᠲᠡᠶ ᠪᠣᠰᠤᠳ ᠰᠠᠯᠠᠭ᠎ᠠ ᠮᠦᠴᠢᠷ ᠠᠳᠠᠯᠢ ᠪᠣᠰᠤ ᠣᠢ᠌ᠯᠠ ᠪᠠᠢ᠌ᠳᠠᠯ ᠢ ᠨᠢ ᠦᠨᠳᠦᠰᠦᠯᠠᠵᠤ᠂ ᠰᠠᠷᠠᠮᠵᠢ ᠦᠭ‍ᠭᠦ ᠪᠣᠶᠤ ᠵᠤᠭᠤᠰ ᠶᠢᠡᠷ ᠳᠤᠷᠭᠠᠨ᠎ᠠ ᠄

( ᠨᠢᠭᠡ ) ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠪᠣᠶᠤ ᠬᠠᠤᠯᠢ ᠶᠢᠨ ᠳᠤᠭᠳᠠᠭᠠᠯ ᠶᠤᠰᠤᠭᠠᠷ ᠣᠷᠴᠢᠨ ᠳᠤᠭᠤᠷᠢᠨ ᠢ ᠭᠢᠨᠠᠵᠤ ᠬᠠᠮᠢᠶᠠᠷᠬᠤ ᠡᠷᠭᠡ ᠲᠡᠶ ᠪᠣᠰᠤᠳ ᠰᠠᠯᠠᠭ᠎ᠠ ᠮᠦᠴᠢᠷ ᠡᠴᠡ ᠳᠤᠬᠠᠢ ᠶᠢᠨ ᠭᠠᠵᠠᠷ ᠳᠤᠨᠢ ᠪᠠᠢ᠌ᠴᠠᠭᠠᠬᠤ ᠶᠢ ᠵᠥᠪᠰᠢᠶᠡᠷᠡᠭᠦ ᠦᠭᠡᠶ ᠪᠣᠶᠤ ᠪᠠᠢ᠌ᠴᠠᠭᠠᠭᠳᠠᠬᠤ ᠳᠠᠭᠠᠨ ᠬᠤᠳᠠᠯ ᠬᠠᠭᠤᠷᠮᠠᠭ ᠶᠠᠪᠣᠳᠠᠯ ᠥᠢᠯᠡᠳᠦᠭ᠍ᠰᠡᠨ ︔

( ᠬᠤᠶᠠᠷ ) ᠲᠦᠷᠦ ᠶᠢᠨ ᠶᠠᠪᠣᠳᠠᠯ ᠤᠨ ᠬᠤᠷᠢᠶᠠᠨ ᠤ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠤᠨ ᠳᠤᠭᠳᠠᠭᠠᠭᠰᠠᠨ ᠪᠣᠵᠠᠷᠳᠤᠯ ᠶᠠᠭᠤᠮ᠎ᠠ ᠭᠠᠷᠭᠠᠬᠤ ᠮᠡᠳᠡᠭᠦᠯᠦᠯᠳᠡ ᠳᠤ ᠮᠡᠳᠡᠭᠦᠯᠪᠠᠯ ᠵᠤᠭᠢᠬᠤ ᠬᠤᠯᠪᠣᠭᠳᠠᠯ ᠪᠦᠭᠦᠢ ᠵᠣᠢ᠌ᠯ ᠤᠳ ᠢ ᠮᠡᠳᠡᠭᠦᠯᠦᠭ᠍ᠰᠡᠨ ᠦᠭᠡᠶ ᠪᠣᠶᠤ ᠬᠤᠳᠠᠯ ᠶᠢᠡᠷ ᠮᠡᠳᠡᠭᠦᠯᠦᠭ᠍ᠰᠡᠨ ︔

( ᠭᠤᠷᠪᠠ ) ᠪᠠᠷᠢᠮᠵᠢᠶ᠎ᠠ ᠡᠴᠡ ᠭᠡᠳᠦᠷᠡᠭ᠍ᠰᠡᠨ ᠪᠣᠵᠠᠷᠳᠤᠯ ᠶᠠᠭᠤᠮ᠎ᠠ ᠭᠠᠷᠭᠠᠭᠰᠠᠨ ᠵᠠᠷᠤᠳᠠᠯ ᠶᠢᠡᠨ ᠣᠯᠤᠰ ᠤᠨ ᠳᠤᠭᠳᠠᠭᠠᠯ ᠶᠤᠰᠤᠭᠠᠷ ᠡᠰᠡ ᠳᠤᠰᠢᠶᠠᠭᠰᠠᠨ ︔

( ᠳᠦᠷᠪᠡ ) ᠮᠠᠨ ᠤ ᠣᠯᠤᠰ ᠤᠨ ᠣᠷᠴᠢᠨ ᠳᠤᠭᠤᠷᠢᠨ ᠢ ᠬᠠᠮᠠᠭᠠᠯᠠᠬᠤ ᠳᠤᠭᠳᠠᠭᠠᠯ ᠤᠨ ᠱᠠᠭᠠᠷᠳᠠᠯᠭ᠎ᠠ ᠲᠡᠶ ᠨᠡᠢ᠌ᠴᠡᠭᠦ ᠦᠭᠡᠶ ᠳᠸᠭ᠍ᠨᠢᠭ᠌ ᠮᠡᠷᠭᠡᠵᠢᠯ ᠪᠠ ᠳᠦᠭᠦᠭᠡᠷᠦᠮᠵᠢ ᠶᠢ ᠣᠷᠤᠭᠤᠯᠤᠭᠰᠠᠨ ︔

( ᠳᠠᠪᠣ ) ᠭᠦᠡᠳᠤ ᠨᠤᠴᠢᠳᠠᠢ ᠪᠣᠵᠠᠷᠳᠤᠯ ᠭᠠᠷᠭᠠᠬᠤ ᠣᠢ᠌ᠯᠠᠤᠠᠪᠣᠷᠢᠯᠠᠯ ᠤᠨ ᠳᠦᠭᠦᠭᠡᠷᠦᠮᠵᠢ ᠪᠠᠨ ᠪᠣᠵᠠᠷᠳᠤᠯ ᠢ ᠰᠡᠷᠭᠡᠢ᠌ᠯᠡᠨ ᠵᠠᠰᠠᠬᠤ ᠴᠢᠳᠠᠯ ᠦᠭᠡᠶ ᠨᠢᠭᠡᠴᠡ ᠳᠤ ᠰᠢᠯᠵᠢᠭᠦᠯᠤᠨ ᠥᠭ᠍ᠴᠤ ᠭᠡᠷᠡᠭᠯᠡᠭᠦᠯᠦᠭ᠍ᠰᠡᠨ᠃

ᠭᠤᠴᠢᠨ ᠵᠢᠷᠭᠤᠳᠤᠭᠠᠷ ᠵᠣᠢ᠌ᠯ ᠪᠦᠳᠦᠭᠡᠨ ᠪᠠᠢ᠌ᠭᠤᠯᠬᠤ ᠵᠣᠢ᠌ᠯ ᠳ᠋ᠠᠭᠢ ᠪᠣᠵᠠᠷᠳᠤᠯ ᠢ ᠰᠡᠷᠭᠡᠢ᠌ᠯᠡᠭᠦ ᠳᠦᠭᠦᠭᠡᠷᠦᠮᠵᠢ ᠨᠢ ᠪᠠᠢ᠌ᠭᠤᠯᠤᠭᠳᠠᠭᠠᠳᠤᠢ ᠪᠣᠶᠤ ᠪᠠᠢ᠌ᠭᠤᠯᠤᠭᠰᠠᠨ ᠪᠣᠯᠪᠠᠴᠤ ᠣᠯᠤᠰ ᠤᠨ ᠳᠤᠭᠳᠠᠭᠠᠭᠰᠠᠨ ᠱᠠᠭᠠᠷᠳᠠᠯᠭ᠎ᠠ ᠳᠤ ᠭᠦᠷᠦᠭ᠍ᠰᠡᠨ ᠦᠭᠡᠶ ᠪᠠᠷ ᠠᠰᠢᠭᠯᠠᠯᠳᠠ ᠳᠤ ᠣᠷᠤᠭᠤᠯᠤᠭᠰᠠᠨ ᠪᠣᠶᠤ ᠭᠡᠷᠡᠭᠯᠡᠭ᠍ᠰᠡᠨ ᠪᠠᠢ᠌ᠪᠠᠯ᠂ ᠳᠤᠰ ᠪᠦᠳᠦᠭᠡᠨ ᠪᠠᠢ᠌ᠭᠤᠯᠤᠯᠳᠠ ᠶᠢᠨ ᠵᠣᠢ᠌ᠯ ᠤᠨ ᠣᠷᠴᠢᠨ ᠳᠤᠭᠤᠷᠢᠨ ᠳᠤ ᠥᠵᠡᠭᠦᠯᠭᠦ ᠨᠥᠯᠦᠭᠡ ᠶᠢᠨ ᠳᠤᠬᠠᠢ ᠮᠡᠳᠡᠭᠦᠯᠦᠯᠳᠡ ᠶᠢᠨ ᠪᠢᠴᠢᠭ᠌ ᠢ ᠵᠥᠪᠰᠢᠶᠡᠷᠡᠭ᠍ᠰᠡᠨ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ ᠥᠢᠯᠤᠨᠪᠦᠷᠢᠯᠡᠭᠦ ᠪᠣᠶᠤ ᠭᠡᠷᠡᠭᠯᠡᠭᠦ ᠶᠢ ᠨᠢ ᠵᠠᠷᠯᠢᠭᠳᠠᠨ ᠵᠤᠭᠰᠤᠭᠠᠬᠤ ᠶᠢᠨ ᠬᠠᠮᠳᠤ ᠵᠤᠭᠤᠰ ᠶᠢᠡᠷ ᠳᠤᠷᠭᠠᠵᠤ ᠪᠣᠯᠤᠨ᠎ᠠ᠃

ᠭᠤᠴᠢᠨ ᠳᠤᠯᠤᠳᠤᠭᠠᠷ ᠵᠣᠢ᠌ᠯ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠠᠷᠠᠯ ᠢ ᠣᠯᠤᠭᠰᠠᠨ ᠦᠭᠡᠶ ᠪᠠᠷ ᠪᠣᠵᠠᠷᠳᠤᠯ ᠢ ᠰᠡᠷᠭᠡᠢ᠌ᠯᠡᠭᠦ ᠳᠦᠭᠦᠭᠡᠷᠦᠮᠵᠢ ᠶᠢ ᠳᠤᠷ᠎ᠠ ᠪᠠᠷ ᠶᠢᠡᠨ ᠠᠪᠴᠤ ᠬᠠᠶᠠᠭᠰᠠᠨ ᠪᠣᠶᠤ ᠰᠤᠯᠠ ᠳᠠᠯᠪᠢᠭᠠᠤᠨ ᠪᠣᠵᠠᠷᠳᠤᠯ ᠶᠠᠭᠤᠮ᠎ᠠ ᠭᠠᠷᠭᠠᠭᠰᠠᠨ ᠭᠡᠮᠵᠢᠶ᠎ᠡ ᠶᠢ ᠳᠤᠭᠳᠠᠭᠠᠭᠰᠠᠨ ᠪᠠᠷᠢᠮᠵᠢᠶ᠎ᠠ ᠡᠴᠡ ᠭᠡᠳᠦᠷᠡᠭᠦᠯᠦᠭ᠍ᠰᠡᠨ ᠪᠠᠢ᠌ᠪᠠᠯ᠂ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠡᠴᠡ ᠵᠠᠷᠯᠢᠭᠳᠠᠵᠤ ᠳᠠᠭᠢᠵᠤ ᠰᠢᠨ᠎ᠠ ᠪᠠᠷ ᠣᠭᠰᠠᠷᠠᠭᠤᠯᠵᠤ ᠭᠡᠷᠡᠭᠯᠡᠭᠦᠯᠭᠦ ᠶᠢᠨ ᠬᠠᠮᠳᠤ ᠵᠤᠭᠤᠰ ᠶᠢᠡᠷ ᠳᠤᠷᠭᠠᠨ᠎ᠠ᠃

ᠭᠤᠴᠢᠨ ᠨᠢ᠋ᠮᠠᠳᠤᠭᠠᠷ ᠵᠣᠢ᠌ᠯ ᠳᠤᠰ ᠬᠠᠤᠯᠢ ᠶᠢᠨ ᠳᠤᠭᠳᠠᠭᠠᠯ ᠢ ᠵᠦᠷᠢᠴᠠᠵᠤ᠂ ᠣᠷᠴᠢᠨ ᠳᠤᠭᠤᠷᠢᠨ ᠢ ᠪᠣᠵᠠᠷᠳᠤᠭᠤᠯᠬᠤ ᠡ᠊ᠨᠳᠡᠯ ᠭᠠᠷᠭᠠᠭᠰᠠᠨ ᠠᠵᠤ ᠠᠬᠤᠢ᠌ᠯᠠᠯ ᠠᠵᠢᠯ ᠣᠢ᠌ᠯᠠᠰ ᠤᠨ ᠨᠢᠭᠡᠴᠡ ᠶᠢ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠪᠣᠶᠤ ᠬᠠᠤᠯᠢ ᠶᠢᠨ ᠳᠤᠭᠳᠠᠭᠠᠯ ᠶᠤᠰᠤᠭᠠᠷ ᠣᠷᠴᠢᠨ ᠳᠤᠭᠤᠷᠢᠨ ᠢ ᠭᠢᠨᠠᠵᠤ ᠬᠠᠮᠢᠶᠠᠷᠬᠤ ᠡᠷᠭᠡ ᠶᠢ ᠭᠡᠷᠡᠭ᠍ᠵᠢᠭᠦᠯᠵᠤ ᠪᠠᠢ᠌ᠭ᠎ᠠ ᠪᠣᠰᠤᠳ ᠰᠠᠯᠠᠭ᠎ᠠ ᠮᠦᠴᠢᠷ ᠡᠴᠡ ᠭᠠᠷᠭᠠᠭᠰᠠᠨ ᠬᠤᠤᠷ ᠭᠦᠨᠦᠭᠡᠯ ᠤᠨ ᠭᠢᠨᠢ ᠣᠷᠰᠢᠭ ᠢ ᠦᠨᠳᠦᠰᠦᠯᠠᠵᠤ ᠵᠤᠭᠤᠰ ᠶᠢᠡᠷ ᠳᠤᠷᠭᠠᠨ᠎ᠠ ︔ ᠣᠢ᠌ᠯᠠ ᠪᠠᠢ᠌ᠳᠠᠯ ᠨᠢ ᠨᠠᠯᠢᠶᠠᠤᠨ ᠭᠦᠡᠳᠤ ᠪᠠᠢ᠌ᠪᠠᠯ ᠬᠤᠯᠪᠣᠭᠳᠠᠯ ᠪᠦᠭᠦᠢ ᠬᠠᠷᠢᠭᠤᠴᠠᠯᠭᠠᠳᠠᠨ ᠳ᠋ᠤᠨᠢ ᠳᠡᠭᠦᠨ ᠤ ᠠᠵᠢᠯᠯᠠᠵᠤ ᠪᠠᠢ᠌ᠭ᠎ᠠ ᠨᠢᠭᠡᠴᠡ ᠪᠣᠶᠤ ᠵᠠᠰᠠᠭ ᠤᠨ ᠣᠷᠳᠤᠨ ᠤ ᠡᠷᠭᠢᠯᠡᠨ ᠬᠠᠮᠢᠶᠠᠷᠬᠤ ᠪᠠᠢ᠌ᠭᠤᠯᠭ᠎ᠠ ᠡᠴᠡ ᠵᠠᠰᠠᠭ ᠤᠨ ᠣᠷᠳᠤᠨ ᠤ ᠰᠢᠦᠡᠭᠡᠯ ᠦᠭ‍ᠭᠦᠨ᠎ᠡ᠃

ᠭᠤᠴᠢ ᠶ‍ᠢᠰᠦᠳᠦᠭᠡᠷ ᠵᠣᠢ᠌ᠯ ᠬᠤᠭᠤᠴᠠᠭ᠎ᠠ ᠳᠤᠭᠳᠠᠭᠠᠨ ᠵᠠᠰᠠᠭᠤᠯᠤᠭᠰᠠᠨ ᠪᠠᠢ᠌ᠳᠠᠯ᠎ᠠ ᠳᠤᠭᠳᠠᠭᠠᠭᠰᠠᠨ ᠬᠤᠭᠤᠴᠠᠭ᠎ᠠ ᠨᠢ ᠭᠡᠳᠦᠷᠡᠭᠡᠤᠨ ᠵᠠᠰᠠᠬᠤ ᠡᠭᠦᠷᠭᠡ ᠪᠠᠨ ᠪᠠᠶᠡᠯᠡᠭᠦᠯᠦᠭ᠍ᠰᠡᠨ ᠦᠭᠡᠶ ᠠᠵᠤ ᠠᠬᠤᠢ᠌ᠯᠠᠯ ᠠᠵᠢᠯ ᠣᠢ᠌ᠯᠠᠰ ᠤᠨ ᠨᠢᠭᠡᠴᠡ ᠶᠢ ᠣᠯᠤᠰ ᠤᠨ ᠳᠤᠭᠳᠠᠭᠠᠯ ᠶᠤᠰᠤᠭᠠᠷ ᠪᠠᠷᠢᠮᠵᠢᠶ᠎ᠠ ᠡᠴᠡ ᠭᠡᠳᠦᠷᠡᠭ᠍ᠰᠡᠨ ᠪᠣᠵᠠᠷᠳᠤᠯ ᠶᠠᠭᠤᠮ᠎ᠠ ᠭᠠᠷᠭᠠᠭᠰᠠᠨ ᠵᠠᠷᠤᠳᠠᠯ ᠨᠠᠮᠠᠵᠤ ᠬᠤᠷᠢᠶᠠᠬᠤ ᠡᠴᠡ ᠭᠠᠳᠠᠨ᠎ᠠ᠂ ᠭᠠᠷᠭᠠᠭᠰᠠᠨ ᠬᠤᠤᠷ ᠭᠦᠨᠦᠭᠡᠯ ᠤᠨ ᠭᠢᠨᠢ ᠣᠷᠰᠢᠭ ᠢ ᠦᠨᠳᠦᠰᠦᠯᠠᠵᠤ ᠵᠤᠭᠤᠰ ᠶᠢᠡᠷ ᠳᠤᠷᠭᠠᠬᠤ ᠪᠣᠶᠤ ᠠᠵᠢᠯ ᠢ ᠨᠢ ᠵᠤᠭᠰᠤᠭᠠᠵᠤ᠂ ᠡᠭᠦᠳᠡ ᠶᠢ ᠨᠢ ᠬᠠᠭᠠᠯᠭᠠᠵᠤ ᠪᠣᠯᠤᠨ᠎ᠠ᠃

ᠡᠮᠦᠨᠡᠭᠢ ᠪᠠᠳᠠᠭ ᠲᠤ ᠳᠤᠭᠳᠠᠭᠠᠭᠰᠠᠨ ᠵᠤᠭᠤᠰ ᠶᠢᠡᠷ ᠳᠤᠷᠭᠠᠬᠤ ᠶᠠᠪᠣᠳᠠᠯ ᠢ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠳᠤᠭᠳᠠᠭᠠᠨ᠎ᠠ᠃ ᠵᠠᠷᠯᠢᠭᠳᠠᠵᠤ ᠪᠠᠢ᠌ᠭᠠᠤᠨ ᠠᠵᠢᠯ ᠢ ᠨᠢ ᠵᠤᠭᠰᠤᠭᠠᠬᠤ᠂ ᠡᠭᠦᠳᠡ ᠶᠢ ᠨᠢ ᠬᠠᠭᠠᠯᠭᠠᠬᠤ ᠶᠠᠪᠣᠳᠠᠯ ᠢ ᠪᠣᠯ ᠬᠤᠭᠤᠴᠠᠭ᠎ᠠ ᠳᠤᠭᠳᠠᠭᠠᠨ ᠵᠠᠰᠠᠭᠤᠯᠬᠤ ᠳᠤᠭᠳᠠᠭᠠᠯ ᠭᠠᠷᠭᠠᠭᠰᠠᠨ ᠠᠷᠠᠤᠨ ᠤᠨ ᠵᠠᠰᠠᠭ ᠤᠨ ᠣᠷᠳᠤᠨ ᠡᠴᠡ ᠳᠤᠭᠳᠠᠭᠠᠨ᠎ᠠ ︔ ᠲᠦᠪ ᠤᠨ ᠰᠢᠭᠤᠳ ᠬᠠᠮᠢᠶᠠᠷᠴᠤ ᠪᠠᠢ᠌ᠭ᠎ᠠ ᠠᠵᠤ ᠠᠬᠤᠢ᠌ᠯᠠᠯ ᠠᠵᠢᠯ ᠣᠢ᠌ᠯᠠᠰ ᠤᠨ ᠨᠢᠭᠡᠴᠡ ᠶᠢ ᠵᠠᠷᠯᠢᠭᠳᠠᠵᠤ ᠪᠠᠢ᠌ᠭᠠᠤᠨ ᠠᠵᠢᠯ ᠢ ᠨᠢ ᠵᠤᠭᠰᠤᠭᠠᠬᠤ᠂ ᠡᠭᠦᠳᠡ ᠶᠢ ᠨᠢ ᠬᠠᠭᠠᠯᠭᠠᠬᠤ ᠶᠠᠪᠣᠳᠠᠯ ᠢ ᠲᠦᠷᠦ ᠶᠢᠨ ᠶᠠᠪᠣᠳᠠᠯ ᠤᠨ ᠬᠤᠷᠢᠶᠠᠨ ᠳᠤ ᠮᠡᠳᠡᠭᠦᠯᠵᠤ ᠵᠥᠪᠰᠢᠶᠡᠷᠡᠭᠦᠯᠭᠦ ᠭᠡᠷᠡᠭ᠍ᠳᠡᠢ᠃

ᠳᠦᠴᠢᠳᠦᠭᠡᠷ ᠵᠣᠢ᠌ᠯ ᠳᠤᠬᠠᠢ ᠶᠢᠨ ᠭᠦᠮᠤᠨ ᠵᠠᠰᠠᠭ ᠵᠠᠭᠢᠷᠭᠠᠨ ᠤ ᠳᠤᠷᠭᠠᠬᠤ ᠳᠤᠭᠳᠠᠭᠠᠯ ᠢ ᠳᠠᠭᠠᠬᠤ ᠦᠭᠡᠶ ᠪᠣᠯ᠂ ᠳᠤᠷᠭᠠᠬᠤ ᠮᠡᠳᠡᠭ᠍ᠳᠡᠯ ᠢ ᠭᠦᠯᠢᠶᠡᠨ ᠠᠪᠣᠭᠰᠠᠨ ᠡᠳᠦᠷ ᠡᠴᠡ ᠪᠠᠨ ᠡᠭᠢᠯᠡᠵᠤ ᠠᠷᠪᠠᠨ ᠳᠠᠪᠤᠨ ᠡᠳᠦᠷ ᠤᠨ ᠳᠤᠳᠤᠷ᠎ᠠ᠂ ᠳᠤᠷᠭᠠᠬᠤ ᠳᠤᠭᠳᠠᠭᠠᠯ ᠭᠠᠷᠭᠠᠭᠰᠠᠨ ᠪᠠᠢ᠌ᠭᠤᠯᠭ᠎ᠠ ᠶᠢᠨ ᠳᠡᠭᠡᠷ᠎ᠡ ᠨᠢᠭᠡ ᠱᠠᠳᠤᠨ ᠤ ᠪᠠᠢ᠌ᠭᠤᠯᠭ᠎ᠠ ᠳᠤ ᠳᠠᠭᠢᠨ ᠶᠠᠷᠢᠯᠴᠠᠭᠤᠯᠬᠤ ᠪᠠᠷ ᠭᠤᠶᠤᠴᠢᠯᠠᠵᠤ ᠪᠣᠯᠤᠨ᠎ᠠ ︔ ᠳᠠᠭᠢᠨ ᠶᠠᠷᠢᠯᠴᠠᠭᠰᠠᠨ ᠳᠤᠭᠳᠠᠭᠠᠯ ᠢ ᠳᠠᠭᠠᠬᠤ ᠦᠭᠡᠶ ᠪᠣᠯ᠂ ᠳᠠᠭᠢᠨ ᠶᠠᠷᠢᠯᠴᠠᠭᠰᠠᠨ ᠳᠤᠭᠳᠠᠭᠠᠯ ᠢ ᠭᠦᠯᠢᠶᠡᠨ ᠠᠪᠣᠭᠰᠠᠨ ᠡᠳᠦᠷ ᠡᠴᠡ ᠪᠠᠨ ᠡᠭᠢᠯᠡᠵᠤ ᠳᠠᠪᠤᠨ ᠡᠳᠦᠷ ᠤᠨ ᠳᠤᠳᠤᠷ᠎ᠠ᠂ ᠠᠷᠠᠤᠨ ᠤᠨ ᠰᠢᠭᠦᠭᠦ ᠬᠤᠷᠢᠶᠠᠨ ᠳᠤ ᠵᠠᠭᠠᠯᠳᠤᠵᠤ ᠪᠣᠯᠤᠨ᠎ᠠ᠃ ᠳᠤᠬᠠᠢ ᠶᠢᠨ ᠭᠦᠮᠤᠨ ᠳᠤᠷᠭᠠᠬᠤ ᠮᠡᠳᠡᠭ᠍ᠳᠡᠯ ᠢ ᠭᠦᠯᠢᠶᠡᠨ ᠠᠪᠣᠭᠰᠠᠨ ᠡᠳᠦᠷ ᠡᠴᠡ ᠪᠠᠨ ᠡᠭᠢᠯᠡᠵᠤ ᠠᠷᠪᠠᠨ ᠳᠠᠪᠤᠨ ᠡᠳᠦᠷ ᠤᠨ ᠳᠤᠳᠤᠷ᠎ᠠ᠂ ᠠᠷᠠᠤᠨ ᠤᠨ ᠰᠢᠭᠦᠭᠦ ᠬᠤᠷᠢᠶᠠᠨ ᠳᠤ ᠰᠢᠭᠤᠳ ᠵᠠᠭᠠᠯᠳᠤᠵᠤ ᠴᠤ ᠪᠣᠯᠤᠨ᠎ᠠ᠃ ᠳᠤᠬᠠᠢ ᠶᠢᠨ ᠭᠦᠮᠤᠨ ᠬᠤᠭᠤᠴᠠᠭ᠎ᠠ ᠨᠢ ᠭᠡᠳᠦᠷᠡᠭ᠍ᠰᠡᠨ ᠪᠠᠢ᠌ᠳᠠᠯ᠎ᠠ ᠳᠠᠭᠢᠨ ᠶᠠᠷᠢᠯᠴᠠᠭᠤᠯᠬᠤ ᠪᠠᠷ ᠭᠤᠶᠤᠴᠢᠯᠠᠬᠤ ᠦᠭᠡᠶ᠂ ᠠᠷᠠᠤᠨ ᠤᠨ ᠰᠢᠭᠦᠭᠦ ᠬᠤᠷᠢᠶᠠᠨ ᠳᠤ ᠴᠤ ᠵᠠᠭᠠᠯᠳᠤᠬᠤ ᠦᠭᠡᠶ᠂ ᠳᠤᠷᠭᠠᠬᠤ ᠳᠤᠭᠳᠠᠭᠠᠯ ᠢ ᠪᠠᠰᠠ ᠭᠡᠷᠡᠭ᠍ᠵᠢᠭᠦᠯᠭᠦ ᠦᠭᠡᠶ ᠪᠠᠢ᠌ᠪᠠᠯ᠂ ᠳᠤᠷᠭᠠᠬᠤ ᠳᠤᠭᠳᠠᠭᠠᠯ ᠭᠠᠷᠭᠠᠭᠰᠠᠨ ᠪᠠᠢ᠌ᠭᠤᠯᠭ᠎ᠠ ᠡᠴᠡ ᠠᠷᠠᠤᠨ ᠤᠨ ᠰᠢᠭᠦᠭᠦ ᠬᠤᠷᠢᠶᠠᠨ ᠳᠤ ᠠᠯᠪᠠᠳᠠᠨ ᠭᠦᠢᠴᠡᠳᠭᠡᠭᠦᠯᠭᠦ ᠪᠠᠷ ᠭᠤᠶᠤᠴᠢᠯᠠᠯ ᠭᠠᠷᠭᠠᠵᠤ ᠪᠣᠯᠤᠨ᠎ᠠ᠃

ᠳᠦᠴᠢᠨ ᠨᠢᠭᠡᠳᠦᠭᠡᠷ ᠵᠣᠢ᠌ᠯ ᠣᠷᠴᠢᠨ ᠳᠤᠭᠤᠷᠢᠨ ᠢ ᠪᠣᠵᠠᠷᠳᠤᠭᠤᠯᠤᠭᠠᠤᠨ ᠬᠤᠤᠷ ᠭᠦᠨᠦᠭᠡᠯ ᠭᠠᠷᠭᠠᠭᠰᠠᠤᠨ ᠬᠤᠤᠷ ᠭᠦᠨᠦᠭᠡᠯ ᠢ ᠠᠷᠢᠯᠭᠠᠬᠤ ᠬᠠᠷᠢᠭᠤᠴᠠᠯᠭ᠎ᠠ ᠲᠡᠶ ᠪᠦᠭᠡᠤᠨ ᠰᠢᠭᠤᠳ ᠬᠤᠤᠷ ᠭᠦᠨᠦᠭᠡᠯ ᠠᠮᠰᠠᠭᠰᠠᠨ ᠨᠢᠭᠡᠴᠡ ᠪᠣᠶᠤ ᠬᠤᠪᠢ ᠭᠦᠮᠤᠨ ᠳᠤ ᠬᠤᠭᠢᠷᠠᠯ ᠤᠨ ᠲᠦᠯᠦᠪᠣᠷᠢ ᠦᠭ‍ᠭᠦ ᠭᠡᠷᠡᠭ᠍ᠳᠡᠢ᠃

ᠳᠦᠯᠦᠭᠦ ᠬᠠᠷᠢᠭᠤᠴᠠᠯᠭ᠎ᠠ ᠪᠣᠯᠤᠨ ᠳᠦᠯᠦᠭᠦ ᠵᠤᠭᠤᠰ ᠤᠨ ᠳᠤᠭ᠎ᠠ ᠶᠢᠨ ᠳᠤᠬᠠᠢ ᠵᠢᠭᠤᠷᠠᠯᠳᠤᠭᠠᠨ ᠢ ᠳᠤᠬᠠᠢ ᠶᠢᠨ ᠭᠦᠮᠤᠨ ᠤ ᠭᠦᠰᠡᠯ ᠱᠠᠭᠠᠷᠳᠠᠯᠭ᠎ᠠ ᠶᠢ ᠦᠨᠳᠦᠰᠦᠯᠠᠵᠤ᠂ ᠣᠷᠴᠢᠨ ᠳᠤᠭᠤᠷᠢᠨ ᠢ ᠬᠠᠮᠠᠭᠠᠯᠠᠬᠤ ᠵᠠᠰᠠᠭ ᠵᠠᠭᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠦᠴᠢᠷ ᠪᠣᠶᠤ ᠬᠠᠤᠯᠢ ᠶᠢᠨ ᠳᠤᠭᠳᠠᠭᠠᠯ ᠶᠤᠰᠤᠭᠠᠷ ᠣᠷᠴᠢᠨ ᠳᠤᠭᠤᠷᠢᠨ ᠢ ᠭᠢᠨᠠᠵᠤ ᠬᠠᠮᠢᠶᠠᠷᠬᠤ ᠡᠷᠭᠡ ᠶᠢ ᠭᠡᠷᠡᠭ᠍ᠵᠢᠭᠦᠯᠵᠤ ᠪᠠᠢ᠌ᠭ᠎ᠠ ᠪᠣᠰᠤᠳ ᠰᠠᠯᠠᠭ᠎ᠠ ᠮᠦᠴᠢᠷ ᠡᠴᠡ ᠰᠢ᠌ᠤᠠᠪᠣᠷᠢᠯᠠᠨ᠎ᠠ ︔ ᠳᠤᠬᠠᠢ ᠶᠢᠨ ᠭᠦᠮᠤᠨ ᠰᠢ᠌ᠦᠡᠪᠦᠷᠢᠯᠡᠭ᠍ᠰᠡᠨ ᠳᠤᠭᠳᠠᠭᠠᠯ ᠢ ᠳᠠᠭᠠᠬᠤ ᠦᠭᠡᠶ ᠪᠣᠯ᠂ ᠠᠷᠠᠤᠨ ᠤᠨ ᠰᠢᠭᠦᠭᠦ ᠬᠤᠷᠢᠶᠠᠨ ᠳᠤ ᠵᠠᠭᠠᠯᠳᠤᠵᠤ ᠪᠣᠯᠤᠨ᠎ᠠ᠃ ᠳᠤᠬᠠᠢ ᠶᠢᠨ ᠭᠦᠮᠤᠨ ᠪᠠᠰᠠ ᠠᠷᠠᠤᠨ ᠤᠨ ᠰᠢᠭᠦᠭᠦ ᠬᠤᠷᠢᠶᠠᠨ ᠳᠤ ᠰᠢᠭᠤᠳ ᠵᠠᠭᠠᠯᠳᠤᠵᠤ ᠪᠣᠯᠤᠨ᠎ᠠ᠃

ᠪᠦᠷᠢᠮᠦᠰᠤᠨ ᠡᠰᠡᠷᠭᠦᠴᠡᠵᠤ ᠴᠢᠳᠠᠰᠢ ᠦᠭᠡᠶ ᠪᠠᠢ᠌ᠭᠠᠯᠢ ᠶᠢᠨ ᠭᠠᠮᠰᠢᠭ ᠡᠴᠡ ᠪᠣᠢ ᠪᠣᠯᠤᠭᠰᠠᠨ ᠪᠦᠭᠡᠤᠨ ᠴᠠᠭ ᠳᠤᠬᠠᠢ ᠳ᠋ᠤᠨᠢ ᠵᠤᠭᠢᠰᠳᠠᠢ ᠠᠷᠭ᠎ᠠ ᠭᠡᠮᠵᠢᠶ᠎ᠡ ᠠᠪᠣᠭᠰᠠᠨ ᠪᠣᠯᠪᠠᠴᠤ᠂ ᠣᠷᠴᠢᠨ ᠳᠤᠭᠤᠷᠢᠨ ᠢ ᠪᠣᠵᠠᠷᠳᠤᠭᠤᠯᠬᠤ ᠬᠤᠤᠷ ᠭᠦᠨᠦᠭᠡᠯ ᠡᠴᠡ ᠭᠡᠯᠳᠦᠷᠢᠭᠦᠯᠵᠤ ᠡᠰᠡ ᠴᠢᠳᠠᠭᠰᠠᠨ ᠪᠠᠢ᠌ᠪᠠᠯ ᠬᠠᠷᠢᠭᠤᠴᠠᠯᠭ᠎ᠠ ᠡᠭᠦᠷᠭᠡᠯᠡᠭᠦᠯᠭᠦ ᠦᠭᠡᠶ᠃

ᠳᠦᠴᠢᠨ ᠬᠤᠶᠠᠳᠤᠭᠠᠷ ᠵᠣᠢ᠌ᠯ ᠣᠷᠴᠢᠨ ᠳᠤᠭᠤᠷᠢᠨ ᠤ ᠪᠣᠵᠠᠷᠳᠤᠯ ᠡᠴᠡ ᠪᠣᠯᠤᠭᠰᠠᠨ ᠬᠤᠭᠢᠷᠠᠯ ᠳᠤ ᠲᠦᠯᠦᠪᠣᠷᠢ ᠦᠭ‍ᠭᠦᠭᠦᠯᠭᠦ ᠪᠠᠷ ᠵᠠᠭᠠᠯᠳᠤᠬᠤ ᠵᠠᠭᠠᠯᠳᠤᠯᠭ᠎ᠠ ᠶᠢᠨ ᠭᠦᠴᠤᠨ ᠲᠡᠶ ᠬᠤᠭᠤᠴᠠᠭ᠎ᠠ ᠪᠣᠯ ᠭᠤᠷᠪᠠᠨ ᠵᠢᠯ᠂ ᠡᠨᠡ ᠬᠤᠭᠤᠴᠠᠭ᠎ᠠ ᠶᠢ ᠳᠤᠬᠠᠢ ᠶᠢᠨ ᠭᠦᠮᠤᠨ ᠪᠣᠵᠠᠷᠳᠤᠯ ᠤᠨ ᠬᠤᠭᠢᠷᠠᠯ ᠢ ᠣᠯᠵᠤ ᠮᠡᠳᠡᠭ᠍ᠰᠡᠨ ᠪᠣᠶᠤ ᠣᠯᠵᠤ ᠮᠠᠳᠠᠪᠠᠰᠤ ᠵᠤᠭᠢᠬᠤ ᠳᠠᠷᠠ ᠴᠠᠭ ᠡᠴᠡ ᠡᠭᠢᠯᠡᠵᠤ ᠪᠣᠳᠤᠨ᠎ᠠ᠃

ᠳᠦᠴᠢᠨ ᠭᠤᠷᠪᠠᠳᠤᠭᠠᠷ ᠵᠣᠢ᠌ᠯ ᠳᠤᠰ ᠬᠠᠤᠯᠢ ᠶᠢᠨ ᠳᠤᠭᠳᠠᠭᠠᠯ ᠢ ᠵᠦᠷᠢᠴᠠᠵᠤ᠂ ᠣᠷᠴᠢᠨ ᠳᠤᠭᠤᠷᠢᠨ ᠢ ᠭᠦᠡᠳᠤ ᠰᠥᠷᠡᠭᠡᠢ ᠪᠣᠵᠠᠷᠳᠤᠭᠤᠯᠤᠭᠰᠠᠨ ᠭᠡᠷᠡᠭ᠌ ᠭᠠᠷᠭᠠᠭᠠᠤᠨ ᠨᠠᠢ᠌ᠳᠠ ᠶᠢᠨ ᠪᠠ ᠬᠤᠪᠢ ᠶᠢᠨ ᠡᠳ᠋ ᠭᠦᠷᠦᠩᠭᠡ ᠳᠤ ᠭᠦᠡᠳᠤ ᠶᠡᠭᠡ ᠬᠤᠭᠢᠷᠠᠯ ᠣᠴᠠᠷᠠᠭᠤᠯᠤᠭᠰᠠᠨ ᠪᠣᠶᠤ ᠭᠦᠮᠤᠨ ᠢ ᠥᠭᠦᠭᠦᠯᠵᠤ ᠰᠢᠷᠬᠠᠳᠤᠭᠤᠯᠤᠭᠰᠠᠨ ᠭᠦᠡᠳᠤ ᠨᠤᠴᠢᠳᠠᠢ ᠣᠷᠰᠢᠭ ᠳᠠᠳᠠᠭᠰᠠᠨ ᠪᠠᠢ᠌ᠪᠠᠯ᠂ ᠰᠢᠭᠤᠳ ᠬᠠᠷᠢᠭᠤᠴᠠᠯᠭ᠎ᠠ ᠡᠭᠦᠷᠭᠡᠯᠡᠭ᠍ᠴᠢ ᠡᠴᠡ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠃

ᠳᠦᠴᠢᠨ ᠳᠦᠷᠪᠠᠳᠦᠭᠡᠷ ᠵᠣᠢ᠌ᠯ ᠳᠤᠰ ᠬᠠᠤᠯᠢ ᠶᠢᠨ ᠳᠤᠭᠳᠠᠭᠠᠯ ᠢ ᠵᠦᠷᠢᠴᠠᠵᠤ᠂ ᠭᠠᠵᠠᠷ ᠰᠢᠷᠤᠢ᠂ ᠣᠢ ᠰᠢᠭᠤᠢ᠂ ᠳᠠᠯ᠎ᠠ ᠨᠤᠳᠤᠭ᠂ ᠣᠰᠤ᠂ ᠠᠭᠤᠷᠬᠠᠢ ᠶᠢᠨ ᠭᠠᠷᠤᠯᠳᠠ᠂ ᠵᠢᠭᠠᠰᠤᠨ ᠠᠵᠤ ᠠᠬᠤᠢ᠂ ᠵᠡᠷᠯᠢᠭ᠌ ᠠᠮᠢᠳᠠᠨ ᠣᠷᠭᠤᠮᠠᠯ ᠵᠡᠷᠭᠡ ᠡᠭᠢ ᠪᠠᠶᠠᠯᠢᠭ ᠢ ᠡᠪᠳᠡᠭ᠍ᠰᠡᠨ ᠪᠠᠢ᠌ᠪᠠᠯ᠂ ᠬᠤᠯᠪᠣᠭᠳᠠᠯ ᠪᠦᠭᠦᠢ ᠬᠠᠤᠯᠢ ᠶᠢᠨ ᠳᠤᠭᠳᠠᠭᠠᠯ ᠶᠤᠰᠤᠭᠠᠷ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠭᠦ ᠭᠡᠷᠡᠭ᠍ᠳᠡᠢ᠃

ᠳᠦᠴᠢᠨ ᠳᠠᠪᠣᠳᠤᠭᠠᠷ ᠵᠣᠢ᠌ᠯ ᠣᠷᠴᠢᠨ ᠳᠤᠭᠤᠷᠢᠨ ᠢ ᠬᠠᠮᠠᠭᠠᠯᠠᠬᠤ ᠭᠢᠨᠠᠯᠳᠠ ᠳᠠᠯᠪᠢᠨ ᠬᠠᠮᠢᠶᠠᠷᠬᠤ ᠭᠦᠮᠦᠰ ᠡᠷᠭᠡ ᠳᠤᠰᠢᠶᠠᠯ ᠶᠢᠡᠨ ᠳᠤᠷ᠎ᠠ ᠪᠠᠷ ᠶᠢᠡᠨ ᠭᠡᠷᠡᠭᠯᠡᠵᠤ᠂ ᠳᠤᠰᠢᠶᠠᠯ ᠶᠢᠡᠨ ᠣᠮᠳᠤᠭᠠᠢ᠌ᠯᠠᠨ ᠬᠠᠷᠢᠭᠤᠴᠠᠯᠭ᠎ᠠ ᠪᠠᠨ ᠠᠯᠳᠠᠵᠤ᠂ ᠬᠤᠪᠢ ᠶᠢᠨ ᠨᠠᠢ᠌ᠷ ᠢ ᠬᠠᠷᠠᠵᠤ ᠬᠠᠤᠯᠢ ᠶᠤᠰᠤ ᠶᠢ ᠵᠥᠷᠢᠴᠡᠭ᠍ᠰᠡᠨ ᠪᠠᠢ᠌ᠪᠠᠯ᠂ ᠳᠡᠭᠦᠨ ᠤ ᠠᠵᠢᠯᠯᠠᠵᠤ ᠪᠠᠢ᠌ᠭ᠎ᠠ ᠨᠢᠭᠡᠴᠡ ᠪᠣᠶᠤ ᠳᠡᠭᠡᠳᠤᠱᠡᠳᠤᠨ ᠤ ᠡᠷᠭᠢᠯᠡᠨ ᠬᠠᠮᠢᠶᠠᠷᠬᠤ ᠪᠠᠢ᠌ᠭᠤᠯᠭ᠎ᠠ ᠡᠴᠡ ᠵᠠᠰᠠᠭ ᠵᠠᠭᠢᠷᠭᠠᠨ ᠤ ᠰᠢᠦᠡᠭᠡᠯ ᠦᠭ‍ᠭᠦᠨ᠎ᠡ ︔ ᠶᠠᠯ᠎ᠠ ᠪᠣᠯᠵᠤ ᠪᠦᠷᠢᠯᠳᠦᠭ᠍ᠰᠡᠨ ᠪᠠᠢ᠌ᠪᠠᠯ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠨᠡᠭᠡᠮᠵᠢᠯᠡᠨ᠎ᠡ᠃


ᠵᠢᠷᠭᠤᠳᠤᠭᠠᠷ ᠪᠦᠯᠦᠭ᠌     ᠳᠠᠭᠠᠯᠳᠤᠭᠤᠯᠤᠭᠰᠠᠨ ᠳᠦᠷᠢᠮ


ᠳᠦᠴᠢᠨ ᠵᠢᠷᠭᠤᠳᠤᠭᠠᠷ ᠵᠣᠢ᠌ᠯ ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠪᠠᠢ᠌ᠭᠤᠯᠤᠭᠰᠠᠨ ᠪᠣᠶᠤ ᠣᠷᠤᠯᠴᠠᠭᠰᠠᠨ ᠣᠷᠴᠢᠨ ᠳᠤᠭᠤᠷᠢᠨ ᠢ ᠬᠠᠮᠠᠭᠠᠯᠠᠬᠤ ᠳᠤ ᠬᠤᠯᠪᠣᠭᠳᠠᠬᠤ ᠣᠯᠠᠨ ᠣᠯᠤᠰ ᠤᠨ ᠭᠡᠷ᠎ᠡ ᠨᠢ ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠬᠠᠤᠯᠢ ᠯᠤᠭ᠎ᠠ ᠠᠳᠠᠯᠢ ᠪᠣᠰᠤ ᠳᠤᠭᠳᠠᠭᠠᠯ ᠲᠡᠶ ᠪᠠᠢ᠌ᠪᠠᠯ᠂ ᠣᠯᠠᠨ ᠣᠯᠤᠰ ᠤᠨ ᠭᠡᠷ᠎ᠡ ᠶᠢᠨ ᠳᠤᠭᠳᠠᠭᠠᠯ ᠢ ᠭᠡᠷᠡᠭᠯᠡᠨ᠎ᠡ᠂ ᠭᠡᠪᠠᠴᠤ ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠰᠠᠨᠠᠯ ᠶᠢᠡᠨ ᠥᠯᠡᠳᠡᠭᠡᠭᠦ ᠪᠠᠷ ᠢᠯᠡᠷᠭᠡᠢ᠌ᠯᠡᠭ᠍ᠰᠡᠨ ᠵᠣᠢ᠌ᠯ ᠵᠤᠷᠪᠣᠰ ᠡᠭᠦᠨ ᠳᠤ ᠪᠠᠭᠳᠠᠬᠤ ᠦᠭᠡᠶ᠃

ᠳᠦᠴᠢᠨ ᠳᠤᠯᠤᠳᠤᠭᠠᠷ ᠵᠣᠢ᠌ᠯ ᠳᠤᠰ ᠬᠠᠤᠯᠢ ᠶᠢ ᠨᠡᠢ᠌ᠳᠡᠯᠡᠭ᠍ᠰᠡᠨ ᠡᠳᠦᠷ ᠡᠴᠡ ᠡᠭᠢᠯᠡᠵᠤ ᠭᠡᠷᠡᠭ᠍ᠵᠢᠭᠦᠯᠦᠨ᠎ᠡ᠃ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠣᠷᠴᠢᠨ ᠳᠤᠭᠤᠷᠢᠨ ᠢ ᠬᠠᠮᠠᠭᠠᠯᠠᠬᠤ ᠬᠠᠤᠯᠢ(ᠲ᠋ᠤᠷᠰᠢᠨ ᠭᠡᠷᠡᠭ᠍ᠵᠢᠭᠦᠯᠭᠦ)》ᠵᠢ ᠳᠡᠭᠠᠤ ᠳ᠋ᠤᠨᠢ ᠭᠦᠴᠤᠨ ᠦᠭᠡᠶ ᠪᠣᠯᠭᠠᠨ᠎ᠠ᠃


ᠬᠠᠷᠢᠶ᠎ᠠ᠄ ᠬᠠᠤᠯᠢ ᠳᠦᠷᠢᠮ
ᠳᠠᠷᠤᠮ᠄ 6159
ᠴᠠᠭ᠄ 2010 ᠤᠨ ᠤ 05 ᠰᠠᠷ᠎ᠠ ᠶᠢᠨ 29
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ