ᠨᠡᠪᠲᠡᠷᠡᠨ ᠤᠷᠤᠬᠤ
ᠭᠡᠯᠡ ᠪᠢᠴᠢᠭ᠌ ᠤᠨ ᠭᠢᠴᠢᠶᠡᠯᠯᠡᠭᠡ ᠳᠤᠮᠳᠠ ᠭᠡᠷᠭᠢᠨ ᠪᠠᠶᠠᠷ ᠪᠠᠶᠠᠰᠤᠯ ᠲᠡᠶ ᠰᠤᠷᠤᠯᠴᠠᠬᠤ ᠳᠤᠬᠠᠢ

ᠭᠡᠯᠡ ᠪᠢᠴᠢᠭ᠌ ᠪᠣᠯ ᠭᠦᠮᠦᠰ ᠤᠨ ᠬᠠᠷᠢᠯᠴᠠᠭᠠᠨ ᠤ ᠪᠠᠭᠠᠵᠢ ᠮᠦᠨ᠃ ᠮᠦᠨ ᠴᠤ ᠰᠤᠷᠤᠭᠴᠢᠳ ᠤᠨ ᠡᠯ᠎ᠡ ᠳᠦᠷᠤᠯ ᠤᠨ ᠭᠢᠴᠢᠶᠠᠯ ᠢ ᠰᠠᠢ᠌ᠨ ᠰᠤᠷᠴᠤ ᠡᠵᠡᠮᠰᠢᠭᠦ ᠶᠢᠨ ᠦᠨᠳᠦᠰᠦᠨ ᠰᠠᠭᠤᠷᠢ ᠮᠦᠨ᠃ ᠭᠡᠯᠡ ᠪᠢᠴᠢᠭ᠌ ᠤᠨ ᠭᠢᠴᠢᠶᠠᠯ ᠢ ᠰᠠᠢ᠌ᠨ ᠰᠤᠷᠬᠤ ᠦᠭᠡᠶ ᠪᠣᠯ ᠪᠣᠰᠤᠳ ᠭᠢᠴᠢᠶᠠᠯ ᠢ ᠰᠤᠷᠬᠤ ᠳᠤ ᠭᠦᠴᠢᠷᠳᠡᠭᠦ ᠨᠢ ᠮᠡᠳᠡᠭᠡᠵᠢ ᠪᠢᠯᠠ᠃

ᠡᠢ᠌ᠮᠤ ᠡᠴᠠ ᠰᠤᠷᠤᠭᠴᠢᠳ ᠢ ᠭᠡᠯᠡ ᠪᠢᠴᠢᠭ᠌ ᠤᠨ ᠭᠢᠴᠢᠶᠠᠯ ᠳᠤ ᠳᠤᠷ᠎ᠠ ᠪᠠᠬᠠᠳᠠᠢ ᠪᠣᠯᠭᠠᠶ᠎ᠠ ᠭᠡᠪᠠᠯ ᠪᠠᠶᠠᠷ ᠪᠠᠬᠠᠳᠤᠯᠳᠤ ᠭᠢᠴᠢᠶᠡᠯᠯᠡᠭᠡ ᠶᠢ ᠵᠤᠬᠢᠶᠠᠨ ᠪᠠᠢ᠌ᠭᠤᠯᠬᠤ ᠴᠢᠬᠤᠯᠳᠠᠢ᠃ ᠰᠤᠷᠤᠭᠴᠢᠳ ᠤᠨ ᠣᠷᠮ᠎ᠠ ᠶᠢ ᠳᠠᠳᠠᠵᠤ᠂ ᠳᠠᠳᠠᠨ ᠤ ᠦᠪᠡᠷᠮᠢᠴᠠ ᠠᠪᠢᠶᠠᠰ ᠪᠢᠯᠢᠭ᠌ ᠢ ᠨᠢ ᠬᠠᠮᠤᠭ ᠤᠨ ᠳᠡᠭᠡᠳᠤ ᠭᠡᠮᠵᠢᠶ᠎ᠡ ᠪᠠᠷ ᠪᠠᠳᠠᠷᠠᠭᠤᠯᠵᠤ ᠭᠡᠯᠡ ᠪᠢᠴᠢᠭ᠌ ᠤᠨ ᠵᠢᠭᠠᠨ ᠰᠤᠷᠭᠠᠯᠳᠠ ᠶᠢ ᠠᠮᠢᠳᠤ ᠳᠡᠭ᠍ᠵᠢᠨ᠂ ᠭᠦᠷ ᠭᠦᠭ᠍ᠵᠢᠶᠡᠨ ᠲᠡᠶ ᠪᠣᠯᠭᠠᠬᠤ ᠳᠤ ᠳᠤᠤᠷᠠᠭᠢ ᠭᠡᠳᠤᠨ ᠳᠠᠯ᠎ᠠ ᠶᠢ ᠠᠩᠬᠠᠷᠪᠠᠯ ᠵᠤᠭᠢᠨ᠎ᠠ᠃

ᠨᠢᠭᠡ᠂ ᠭᠢᠴᠢᠶᠡᠯᠯᠡᠭᠡ ᠶᠢ ᠳᠠᠯᠪᠢᠭᠤᠨ ᠴᠢᠯᠦᠭᠡᠳᠡᠢ ᠪᠠᠢ᠌ᠯᠭᠠᠵᠤ᠂ ᠣᠤᠯ ᠤᠨ ᠪᠠᠭᠰᠢ ᠶᠠᠷᠢᠵᠤ ᠰᠤᠷᠤᠭᠴᠢᠳ ᠰᠤᠨᠤᠰᠳᠠᠭ ᠭᠡᠯᠪᠠᠷᠢ ᠶᠢ ᠥᠭᠡᠷᠡᠴᠢᠯᠡᠨ ᠰᠤᠷᠤᠭᠴᠢᠳ ᠤᠨ ᠭᠦᠳᠡᠯᠦᠩᠭᠦᠢ ᠰᠠᠳᠭᠢᠴᠠ ᠶᠢ ᠶᠡᠭᠡ ᠪᠠᠷ ᠳᠠᠢ᠌ᠴᠢᠯᠠᠨ᠎ᠠ᠃ ᠳᠡᠭᠡᠭᠦ ᠳᠡᠭᠡᠨ ᠪᠠᠭᠰᠢ ᠶᠠᠭᠤ ᠴᠤ ᠶᠠᠷᠢᠬᠤ ᠦᠭᠡᠶ ᠪᠢᠰᠢ᠂ ᠬᠠᠷᠢᠨ ᠰᠤᠷᠤᠭᠴᠢᠳ ᠲᠤ ᠡᠵᠢᠮᠰᠢᠭᠦᠯᠭᠦ ᠠᠭᠤᠯᠭ᠎ᠠ ᠶᠢᠨ ᠶᠢᠡᠨ ᠳᠤᠭᠤᠷᠢᠨ ᠳᠤ ᠶᠠᠩᠵᠤ ᠪᠦᠷᠢ ᠶᠢᠨ ᠰᠤᠨᠢᠷᠬᠠᠯᠳᠠᠢ᠂ ᠵᠢᠭᠠᠬᠤ ᠳᠤ ᠳᠤᠰᠠ ᠪᠣᠯᠬᠣᠢ᠌ᠴᠠ ᠮᠠᠲ᠋ᠸᠷᠢᠶᠠᠯ ᠪᠠ ᠠᠰᠠᠭᠤᠯᠳᠠ ᠬᠠᠩᠭ᠋ᠠᠵᠤ᠂ ᠶᠠᠩᠵᠤ ᠪᠦᠷᠢ ᠶᠢᠨ ᠪᠠᠶᠠᠷ ᠪᠠᠬᠠᠳᠤᠯᠳᠠᠢ ᠰᠤᠷᠤᠯᠴᠠᠬᠤ ᠣᠷᠴᠢᠨ ᠳᠤᠭᠤᠷᠢᠨ ᠢ ᠪᠣᠢ ᠪᠣᠯᠭᠠᠨ᠎ᠠ᠃ ᠭᠢᠴᠢᠶᠡᠯᠯᠡᠭᠡ ᠶᠢᠨ ᠣᠷᠴᠢᠨ ᠳᠤᠭᠤᠷᠢᠨ ᠢ ᠠᠮᠢᠳᠤᠯᠢᠭ ᠴᠢᠯᠦᠭᠡᠳᠡᠢ ᠮᠦᠷᠳᠡᠭᠡᠨ ᠪᠠᠶᠠᠷ ᠪᠠᠬᠠᠳᠤᠯᠳᠠᠢ ᠪᠣᠯᠭᠠᠵᠤ᠂ ᠰᠤᠷᠤᠭᠴᠢ ᠶᠢᠨ ᠰᠠᠳᠭᠢᠴᠠ ᠶᠢ ᠭᠦᠭ᠍ᠵᠢᠭᠡᠭᠦ ᠡᠯᠳᠡᠪ ᠠᠷᠭ᠎ᠠ ᠪᠠᠷᠢᠯ᠂ ᠭᠡᠯᠪᠠᠷᠢ ᠮᠠᠶ‍ᠢᠭ ᠢ ᠪᠦᠳᠦᠭᠡᠯᠴᠢ ᠪᠠᠷ ᠡᠭᠦᠳᠪᠠᠯ ᠵᠤᠭᠢᠨ᠎ᠠ᠃

ᠬᠤᠶᠠᠷ᠂ ᠭᠢᠴᠢᠶᠡᠯᠯᠡᠭᠡ ᠳᠤ ᠰᠠᠮᠪᠠᠷ᠎ᠠ ᠶᠢᠨ ᠪᠢᠴᠢᠯᠭᠡ ᠶᠢ ᠳᠦᠷᠰᠦᠯᠢᠭ᠌ ᠳᠤᠭᠢᠷᠠᠭᠤᠯᠬᠤ ᠨᠢ ᠰᠤᠷᠤᠭᠴᠢ ᠶᠢᠨ ᠠᠩᠬᠠᠷᠤᠯ ᠢ ᠳᠠᠳᠠᠵᠤ ᠭᠢᠴᠢᠶᠠᠯ ᠢ ᠠᠮᠢᠳᠤᠯᠢᠭ ᠪᠣᠯᠭᠠᠳᠠᠭ ᠪᠠᠢ᠌ᠨ᠎ᠠ᠃ ᠳᠦᠷᠰᠦᠯᠢᠭ᠌ ᠰᠠᠮᠪᠠᠷ᠎ᠠ ᠶᠢᠨ ᠪᠢᠴᠢᠯᠭᠡ ᠨᠢ ᠰᠢᠭᠤᠳ ᠥᠵᠡᠭᠦᠯᠦᠯᠭᠡ ᠶᠢᠨ ᠴᠢᠨᠠᠷᠳᠠᠢ ᠪᠠᠢ᠌ᠳᠠᠭ᠃ ᠳᠠᠷᠠ ᠨᠢ ᠰᠤᠷᠤᠭᠴᠢᠳ ᠲᠤ ᠭᠤᠸ᠎ᠠ ᠰᠠᠢ᠌ᠬᠠᠨ ᠤ ᠭᠦᠷᠳᠡᠭᠡᠮᠵᠢ ᠣᠯᠭᠤᠵᠤ ᠭᠢᠴᠢᠶᠠᠯ ᠶᠢᠡᠨ ᠬᠤᠷᠢᠶᠠᠩᠭ᠋ᠣᠢ᠌ᠯᠠᠵᠤ ᠣᠢ᠌ᠯᠠᠭᠠᠬᠤ᠂ ᠰᠠᠳᠭᠢᠴᠠ ᠪᠠᠨ ᠳᠤᠳᠤᠷᠬᠠᠢ ᠪᠣᠯᠭᠠᠵᠤ᠂ ᠴᠡᠭᠡᠵᠢᠯᠡᠯ ᠶᠢᠡᠨ ᠪᠠᠳᠤᠤᠠᠬᠠᠬᠤ ᠳᠤ ᠪᠦᠷ ᠳᠤᠰᠠᠳᠠᠢ ᠪᠠᠢ᠌ᠳᠠᠭ᠃ ᠪᠠᠭ᠎ᠠ ᠰᠤᠷᠭᠠᠭᠤᠯᠢ ᠶᠢᠨ ᠭᠢᠴᠢᠶᠠᠯ ᠤᠨ ᠪᠢᠴᠢᠭ᠌ ᠳᠠᠭᠢ ᠵᠠᠷᠢᠮ ᠭᠢᠴᠢᠶᠠᠯ ᠤᠨ ᠰᠠᠮᠪᠠᠷᠠᠯᠠᠯ ᠳᠤ ᠵᠤᠬᠢᠶᠠᠯ ᠤᠨ ᠠᠭᠤᠯᠭ᠎ᠠ ᠶᠢ ᠳᠦᠭᠦᠮᠭᠡᠨ ᠥᠰᠦᠭ᠌ ᠵᠢᠷᠤᠭ ᠬᠠᠪᠰᠤᠷᠭᠠᠭᠰᠠᠨ ᠰᠠᠮᠪᠠᠷᠠᠯᠠᠯ ᠶᠢᠡᠷ ᠢᠯᠡᠳᠭᠡᠪᠠᠯ ᠨᠠᠩ ᠰᠤᠨᠢᠷᠬᠠᠯᠳᠠᠢ ᠪᠠᠢ᠌ᠳᠠᠭ᠃

ᠭᠤᠷᠪᠠ᠂ ᠵᠠᠷᠢᠮ ᠭᠢᠴᠢᠶᠠᠯ ᠢ ᠵᠥᠴᠦᠭᠡᠴᠢᠯᠡᠨ ᠳᠤᠭᠯᠠᠬᠤ ᠠᠷᠭ᠎ᠠ ᠪᠠᠷ ᠭᠢᠴᠢᠶᠠᠯᠯᠠᠵᠤ ᠪᠣᠯᠤᠨ᠎ᠠ᠃ ᠡᠨᠡ ᠪᠣᠯ ᠭᠢᠴᠢᠶᠡᠯᠯᠡᠭᠡ ᠶᠢᠨ ᠴᠢᠬᠤᠯᠠ ᠨᠢᠭᠡᠨ ᠠᠷᠭ᠎ᠠ ᠪᠠᠷᠢᠯ ᠪᠣᠯᠤᠨ᠎ᠠ᠃ ᠭᠢᠴᠢᠶᠠᠯ ᠤᠨ ᠶᠢᠡᠨ ᠠᠭᠤᠯᠭ᠎ᠠ ᠶᠢ ᠦᠨᠳᠦᠰᠦᠯᠠᠨ ᠵᠠᠷᠢᠮ ᠭᠢᠴᠢᠶᠠᠯ ᠪᠣᠶᠤ ᠨᠢᠭᠡ ᠭᠢᠴᠢᠶᠠᠯ ᠤᠨ ᠵᠠᠷᠢᠮ ᠭᠡᠰᠡᠭ᠌ ᠠᠭᠤᠯᠭ᠎ᠠ ᠶᠢ ᠵᠥᠴᠦᠭᠡ ᠪᠣᠯᠭᠠᠨ ᠨᠠᠢ᠌ᠷᠠᠭᠤᠯᠵᠤ᠂ ᠰᠤᠷᠤᠭᠴᠢ ᠶᠢ ᠳᠤᠭᠯᠠᠭᠴᠢ ᠪᠣᠯᠭᠠᠨ᠂ ᠪᠦᠭᠦ ᠰᠤᠷᠤᠭᠴᠢ ᠶᠢ ᠵᠥᠴᠦᠭᠡ ᠳᠤᠭᠯᠠᠬᠤ᠂ ᠥᠵᠡᠭᠦ᠂ ᠶᠠᠷᠢᠯᠴᠠᠬᠤ᠂ ᠳᠦᠷᠰᠦᠯᠢᠭ᠌ ᠪᠣᠳᠠᠳᠠᠢ ᠣᠷᠴᠢᠨ ᠳᠤᠭᠤᠷᠢᠨ ᠳᠤ ᠭᠢᠴᠢᠶᠠᠯ ᠤᠨ ᠠᠭᠤᠯᠭ᠎ᠠ ᠶᠢ ᠡᠵᠡᠮᠰᠢᠭᠦᠯᠤᠨ᠎ᠡ᠃ ᠭᠢᠴᠢᠶᠠᠯ ᠢ ᠵᠥᠴᠦᠭᠡᠯᠡᠨ ᠵᠢᠭᠠᠬᠤ ᠨᠢ ᠭᠢᠴᠢᠶᠠᠯ ᠤᠨ ᠠᠭᠤᠯᠭ᠎ᠠ᠂ ᠦᠵᠡᠯ ᠰᠠᠨᠠᠭ᠎ᠠ ᠪᠠ ᠣᠷᠠᠯᠢᠭ ᠤᠨ ᠭᠡᠪᠳᠡᠭᠡ ᠪᠠᠶᠠᠳᠤ ᠴᠤᠭᠴᠠ ᠶᠢ ᠪᠣᠰᠤᠭ᠎ᠠ ᠪᠠᠶᠠᠳᠤ ᠣᠷᠠᠯᠢᠭ ᠤᠨ ᠪᠦᠳᠦᠭᠡᠭ᠍ᠳᠡᠭᠦᠨ ᠪᠣᠯᠭᠠᠵᠤ᠂ ᠰᠤᠷᠤᠭᠴᠢᠳ ᠤᠨ ᠬᠠᠷᠠᠭ᠎ᠠ ᠪᠠ ᠰᠤᠨᠤᠷ ᠤᠨ ᠮᠡᠳᠡᠷᠡᠭᠦᠢ ᠪᠠᠷ ᠳᠠᠮᠵᠢᠵᠤ ᠪᠠᠶᠠᠷ ᠪᠠᠬᠠᠳᠤᠯ ᠤᠨ ᠳᠤᠮᠳᠠ᠂ ᠰᠢᠭᠤᠳ ᠳᠤᠰᠬᠠᠯ ᠤᠨ ᠳᠤᠮᠳᠠ ᠰᠢᠨ᠎ᠡ ᠮᠡᠳᠡᠯᠭᠡ ᠶᠢ ᠳᠦᠷᠰᠦᠯᠢᠭ᠌ ᠰᠡᠳᠭᠢᠭᠦᠢ ᠶᠢᠨ ᠡᠭᠦᠳᠡᠨ ᠡᠴᠠ ᠣᠯᠭᠤᠬᠤ ᠪᠣᠯᠤᠨ᠎ᠠ᠃

ᠳᠦᠷᠪᠠ᠂ ᠴᠠᠭᠢᠯᠭᠠᠠᠴᠢᠯᠠᠭᠰᠠᠨ ᠵᠢᠭᠠᠨ ᠰᠤᠷᠭᠠᠬᠤ ᠠᠷᠭ᠎ᠠ ᠪᠠᠷᠢᠯ ᠢ ᠭᠦᠢᠴᠡᠳ ᠭᠡᠷᠡᠭᠯᠡᠨ᠂ ᠳᠠᠭᠤᠨ᠂ ᠵᠢᠷᠤᠭ᠂ ᠥᠩᠭᠡ ᠪᠣᠳᠤᠭ ᠶᠢᠡᠷ ᠰᠤᠷᠤᠭᠴᠢ ᠶᠢᠨ ᠪᠠᠶᠠᠷ ᠪᠠᠬᠠᠳᠤᠯᠳᠤ ᠰᠡᠳᠬᠢᠯᠭᠡ ᠶᠢ ᠭᠦᠭ᠍ᠵᠢᠭᠡᠨ᠎ᠡ᠃ ᠰᠤᠷᠤᠭᠴᠢ ᠶᠢᠨ ᠣᠩᠰᠢᠯᠭ᠎ᠠ ᠶᠢᠨ ᠣᠷᠮ᠎ᠠ ᠪᠠᠬ᠎ᠠ ᠶᠢ ᠳᠡᠭᠡᠭ᠍ᠰᠢᠯᠡᠭᠦᠯᠭᠦ ᠶᠢᠨ ᠲᠦᠯᠦᠭᠡ ᠳᠠᠭᠤᠨ ᠰᠢᠩᠭᠡᠭᠡᠭᠦ ᠮᠠᠰᠢᠨ ᠭᠡᠷᠡᠭᠯᠡᠵᠤ᠂ ᠪᠠᠷᠢᠮᠵᠢᠶ᠎ᠠ ᠳᠦᠷᠢᠮᠴᠢ ᠣᠩᠰᠢᠯᠭ᠎ᠠ ᠰᠤᠨᠤᠰᠬᠠᠬᠤ᠂ ᠭᠦᠭ᠍ᠵᠢᠮ ᠬᠠᠪᠰᠤᠷᠭᠠᠭᠰᠠᠨ ᠭᠦᠭ᠍ᠵᠢᠮᠳᠤ ᠣᠩᠰᠢᠯᠭ᠎ᠠ ᠭᠢᠯᠭᠡᠭᠦ ᠮᠠᠳᠤ ᠭᠡᠯᠪᠠᠷᠢ ᠶᠢ ᠠᠪᠴᠤ ᠪᠣᠯᠤᠨ᠎ᠠ᠃ ᠭᠢᠴᠢᠶᠡᠯᠯᠡᠭᠡ ᠳᠤ ᠬᠤᠸᠠᠠᠳᠧᠩ᠂ ᠳᠸᠯᠸᠢᠰ ᠭᠡᠷᠡᠭᠯᠡᠭᠦ ᠨᠢ ᠰᠤᠷᠤᠭᠴᠢᠳ ᠤᠨ ᠳᠤᠷ᠎ᠠ ᠪᠠᠬ᠎ᠠ ᠶᠢ ᠨᠠᠩ ᠶᠡᠭᠡ ᠳᠠᠳᠠᠳᠠᠭ ᠶᠤᠮ᠃ ᠬᠤᠸᠠᠠᠳᠧᠩ᠂ ᠳᠸᠯᠸᠢᠰ ᠤᠨ ᠵᠢᠷᠤᠭ ᠳᠦᠷᠰᠤ ᠨᠢ ᠠᠮᠢᠳᠤ ᠳᠦᠷᠰᠦᠯᠢᠭ᠌ ᠥᠩᠭᠡ ᠪᠣᠳᠤᠭ ᠨᠢ ᠭᠤᠶᠤ ᠰᠠᠢ᠌ᠬᠠᠨ ᠪᠠᠢ᠌ᠳᠠᠭ ᠶᠢᠡᠷ ᠶᠢᠡᠨ ᠰᠤᠷᠤᠭᠴᠢᠳ ᠤᠨ ᠠᠩᠬᠠᠷᠤᠯ ᠢ ᠶᠡᠭᠡ ᠪᠠᠷ ᠳᠦᠪᠯᠡᠷᠡᠭᠦᠯᠵᠤ ᠴᠢᠳᠠᠳᠠᠭ᠃

ᠲ᠋ᠠᠪᠣ᠂ ᠪᠠᠶᠠᠷ ᠪᠠᠬᠠᠳᠤᠯᠳᠤ ᠵᠤᠬᠢᠶᠠᠨ ᠪᠢᠴᠢᠯᠭᠡ ᠶᠢ ᠭᠢᠯᠭᠡᠨ᠎ᠡ᠃ ᠪᠠᠶᠠᠷ ᠪᠠᠬᠠᠳᠤᠯᠳᠤ ᠵᠤᠬᠢᠶᠠᠨ ᠪᠢᠴᠢᠯᠭᠡ ᠨᠢ ᠰᠤᠷᠤᠭᠴᠢᠳ ᠢ ᠪᠠᠶᠠᠷ ᠲᠡᠶ᠂ ᠳᠤᠷ᠎ᠠ ᠲᠡᠶ ᠪᠠᠢ᠌ᠳᠠᠯ ᠳᠤᠤᠷ᠎ᠠ ᠰᠤᠨᠤᠰᠤᠭᠰᠠᠨ᠂ ᠭᠡᠯᠡᠭ᠍ᠰᠡᠨ᠂ ᠨᠠᠭᠠᠳᠤᠭᠰᠠᠨ᠂ ᠭᠢᠭ᠍ᠰᠡᠨ ᠵᠡᠷᠭᠡ ᠶᠢ ᠨᠢ ᠪᠢᠴᠢᠭᠦᠯᠭᠦ ᠠᠷᠭ᠎ᠠ ᠪᠠᠷᠢᠯ ᠢ ᠠᠪᠴᠤ᠂ ᠰᠤᠷᠤᠭᠴᠢᠳ ᠢ ᠪᠢᠴᠢᠭᠦ ᠶᠠᠭᠤᠮ᠎ᠠ ᠦᠭᠡᠶ ᠭᠡᠳᠡᠭ᠌ ᠪᠣᠳᠤᠯ ᠡᠴᠠ ᠨᠢ ᠠᠩᠭᠢᠵᠢᠷᠠᠭᠤᠯᠤᠨ᠎ᠠ᠃ ᠰᠤᠨᠤᠰᠤᠭᠰᠠᠨ ᠢ ᠨᠢ ᠪᠢᠴᠢᠭᠦᠯᠭᠦ ᠪᠠᠷ ᠵᠢᠱᠢᠶᠠᠯᠠᠪᠠᠯ᠄ ᠰᠤᠷᠤᠭᠴᠢ ᠶᠢᠨ ᠣᠯᠵᠤ ᠰᠤᠨᠤᠰᠤᠭᠰᠠᠨ ᠣᠴᠢᠷ ᠶᠠᠪᠣᠳᠠᠯ ᠢ ᠨᠢ ᠪᠢᠴᠢᠭᠦᠯᠭᠦ ᠡᠴᠠ ᠭᠠᠳᠠᠨ᠎ᠠ ᠶᠠᠮᠠᠷ ᠨᠢᠭᠡᠨ ᠳᠠᠭᠤᠤ ᠭᠦᠭ᠍ᠵᠢᠮ ᠰᠤᠨᠤᠰᠬᠠᠵᠤ ᠪᠠᠢ᠌ᠭᠠᠤᠨ ᠰᠡᠳᠭᠢᠭᠦᠯᠤᠨ ᠪᠢᠴᠢᠭᠦᠯᠵᠤ ᠪᠣᠯᠤᠨ᠎ᠠ᠃ ᠡᠨᠡ ᠨᠢ ᠳᠠᠳᠠᠨ ᠳᠤ ᠰᠢᠭᠤᠳ ᠭᠠᠷᠴᠠᠭ ᠥᠭ᠍ᠴᠤ ᠪᠢᠴᠢᠭᠦᠯᠦᠭ᠍ᠰᠡᠨ ᠡᠴᠠ ᠬᠤᠯᠠ ᠪᠣᠳᠠᠳᠠᠢ᠂ ᠰᠤᠨᠢᠷᠬᠠᠯ ᠲᠡᠶ ᠪᠠᠢ᠌ᠳᠠᠭ᠃ ᠮᠦᠨ ᠴᠤ ᠳᠠᠳᠠᠨ ᠤ ᠰᠡᠳᠭᠢᠯ ᠢ ᠨᠢ ᠪᠠᠶᠠᠰᠬᠠᠵᠤ᠂ ᠳᠦᠷᠰᠦᠯᠢᠭ᠌ ᠰᠡᠳᠭᠢᠭᠦᠢ ᠶᠢ ᠨᠢ ᠭᠦᠭ᠍ᠵᠢᠭᠦᠯᠵᠤ ᠪᠠᠢ᠌ᠭ᠎ᠠ ᠶᠤᠮ᠃

ᠵᠢᠷᠭᠤᠭ᠎ᠠ᠂ ᠵᠢᠷᠤᠭ ᠰᠡᠭᠦᠳᠡᠷ᠂ ᠳᠦᠷᠰᠤ ᠵᠠᠭᠪᠣᠷ᠂ ᠪᠣᠳᠠᠳᠤ ᠪᠣᠳᠠᠰ ᠢ ᠭᠡᠷᠡᠭᠯᠡᠵᠤ᠂ ᠭᠢᠴᠢᠶᠠᠯ ᠤᠨ ᠰᠤᠨᠢᠷᠬᠠᠯ ᠭᠢᠭᠡᠳ ᠣᠢ᠌ᠯᠭᠠᠯᠳᠠ ᠶᠢ ᠪᠣᠳᠠᠳᠠᠢ᠌ᠵᠢᠭᠤᠯᠤᠨ᠎ᠠ᠃ ᠡᠳᠡᠭᠡᠷ ᠢ ᠣᠩᠰᠢᠨ ᠳᠠᠢ᠌ᠯᠪᠣᠷᠢᠯᠠᠬᠤ ᠭᠢᠴᠢᠶᠠᠯ ᠪᠠ ᠵᠤᠬᠢᠶᠠᠨ ᠪᠢᠴᠢᠯᠭᠡ ᠶᠢᠨ ᠭᠢᠴᠢᠶᠠᠯ ᠳᠤ ᠪᠦᠷ ᠭᠡᠷᠡᠭᠯᠡᠵᠤ ᠪᠣᠯᠤᠨ᠎ᠠ᠃ ᠨᠠᠨ ᠨᠢ ᠪᠠᠭᠰᠢ ᠶᠢᠨ ᠳᠠᠢ᠌ᠯᠪᠣᠷᠢᠯᠠᠯᠳᠠ ᠶᠢ ᠰᠤᠨᠤᠰᠴᠤ ᠳᠠᠮ ᠶᠢᠡᠷ ᠣᠢ᠌ᠯᠠᠭᠠᠬᠤ ᠡᠴᠠ ᠪᠣᠯᠵᠤ ᠰᠤᠷᠤᠭᠴᠢᠳ ᠤᠨ ᠳᠤᠷ᠎ᠠ ᠠᠯᠳᠠᠷᠠᠬᠤ᠂ ᠣᠢ᠌ᠤᠠᠬᠤ ᠰᠠᠳᠭᠢᠴᠠ ᠶᠢ ᠢᠯᠠᠨ ᠳᠠᠪᠠᠵᠤ᠂ ᠠᠩᠬᠠᠷᠤᠯ ᠢ ᠨᠢ ᠭᠢᠴᠢᠶᠡᠯᠯᠡᠭᠡ ᠳᠤ ᠳᠠᠳᠠᠵᠤ ᠪᠣᠯᠤᠨ᠎ᠠ᠃

ᠳᠡᠭᠡᠷᠡᠭᠢ ᠶᠠᠷᠢᠭᠰᠠᠨ ᠡᠴᠠ ᠭᠠᠳᠠᠨ᠎ᠠ ᠪᠠᠰᠠ ᠰᠤᠷᠤᠭᠴᠢᠳ ᠢ ᠳᠤᠭᠤᠷᠢᠨ ᠥᠵᠡᠭᠦᠯᠭᠦ᠂ ᠰᠤᠷᠪᠣᠯᠵᠢᠯᠠᠭᠤᠯᠬᠤ᠂ ᠥᠯᠢᠭᠡᠷ ᠶᠠᠷᠢᠭᠤᠯᠬᠤ᠂ ᠰᠢᠯᠦᠭ᠌ ᠣᠩᠰᠢᠭᠤᠯᠬᠤ᠂ ᠭᠡᠯᠡ ᠪᠢᠴᠢᠭ᠌ ᠤᠨ ᠣᠯᠠᠨ ᠶᠠᠩᠵᠤ ᠶᠢᠨ ᠣᠷᠤᠯᠳᠤᠭᠠᠨ ᠮᠦᠷᠥᠢᠴᠡᠭᠡᠨ ᠳᠤ ᠣᠷᠤᠯᠴᠠᠭᠤᠯᠬᠤ᠂ ᠭᠡᠯᠡ ᠪᠢᠴᠢᠭ᠌ ᠤᠨ ᠭᠢᠴᠢᠶᠡᠯᠯᠡᠭᠡ ᠶᠢᠨ ᠵᠤᠷᠢᠯᠭ᠎ᠠ ᠱᠠᠭᠠᠷᠳᠠᠯᠭ᠎ᠠ ᠪᠠᠨ ᠪᠠᠳᠤᠳᠠᠢ ᠪᠠᠶᠡᠯᠡᠭᠦᠯᠵᠤ ᠭᠡᠯᠡ ᠪᠢᠴᠢᠭ᠌ ᠤᠨ ᠮᠡᠳᠡᠯᠭᠡ ᠶᠢ ᠥᠨᠡᠩᠭᠦ ᠴᠢᠳᠠᠪᠣᠷᠢ ᠪᠣᠯᠭᠠᠨ ᠬᠤᠪᠢᠷᠠᠭᠤᠯᠪᠠᠯ ᠵᠤᠭᠢᠨ᠎ᠠ᠃


ᠵᠤᠬᠢᠶᠠᠭᠴᠢ ᠶᠢᠨ ᠬᠠ‍‌ᠶᠢᠭ ᠄ ᠠᠷᠤ ᠬᠤᠷᠴᠢᠨ ᠬᠤᠰᠢᠭᠤ

ᠵᠤᠬᠢᠶᠠᠭᠴᠢ᠄ ᠪᠣᠤ ᠬᠠᠰ
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠪᠠᠭᠰᠢ ᠶᠢᠨ ᠬᠠᠨᠢ
ᠳᠠᠷᠤᠮ᠄ 4588
ᠴᠠᠭ᠄ 2011 ᠤᠨ ᠤ 01 ᠰᠠᠷ᠎ᠠ ᠶᠢᠨ 13
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ