ᠨᠡᠪᠲᠡᠷᠡᠨ ᠤᠷᠤᠬᠤ
ᠡᠭᠡᠳᠡᠷᠡᠭᠡᠡᠳᠤ ᠣᠴᠢᠷ ᠤᠨ ᠰᠢᠷᠡᠯᠳᠦᠭᠡᠡᠳᠤ ᠰᠢ᠌ᠤᠠᠪᠣᠷᠢ ᠶᠢᠨ ᠳᠤᠬᠠᠢ

ᠡᠭᠡᠳᠡᠷᠡᠭᠡᠡᠳᠤ ᠣᠴᠢᠷ ᠨᠢᠭᠡ


ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠨᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠮᠦᠨ ᠡᠰᠡᠭᠦ ᠶᠢᠨ ᠳᠤᠬᠠᠢ

1. ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠠᠬᠤ ᠭᠡᠷ ᠤᠨ ᠪᠠᠭᠰᠢ ᠨᠢ ᠴᠤᠬᠤᠮ ᠶᠠᠭᠤ ᠭᠢᠳᠡᠭ᠌ ᠭᠦᠮᠦᠰ ᠪᠣᠯᠬᠤ ᠶᠢ ᠪᠢᠳᠠ ᠥᠵᠡᠰᠦᠭᠡᠢ︕ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠭᠤᠢ ᠰᠤᠷᠬᠤᠢ ᠰᠤᠳᠦᠯᠬᠤ ᠭᠡᠷ ᠤᠨ ᠪᠠᠭᠰᠢ ᠨᠢ ᠶᠠᠭᠤᠨ ᠤ ᠡᠮᠦᠨ᠎ᠡ ᠣᠯᠤᠰ ᠤᠨ ᠰᠤᠷᠭᠠᠨ ᠭᠦᠮᠦᠵᠢᠯ ᠤᠨ ᠴᠢᠭᠯᠡᠯᠳᠡ ᠶᠢ ᠳᠤᠤᠱᠯᠠᠭᠤᠯᠵᠤ᠂ ᠣᠯᠤᠰ ᠤᠨ ᠰᠤᠷᠭᠠᠨ ᠭᠦᠮᠦᠵᠢᠯ ᠤᠨ ᠵᠢᠭᠠᠨ ᠰᠤᠷᠭᠠᠬᠤ ᠪᠠᠷᠢᠮᠵᠢᠶ᠎ᠠ ᠶᠢ ᠭᠡᠷᠡᠭ᠍ᠵᠢᠭᠦᠯᠵᠤ᠂ ᠳᠦᠷᠢᠮ ᠳᠤᠭᠳᠠᠭᠠᠯ ᠢ ᠵᠢᠷᠤᠮᠯᠠᠵᠤ᠂ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠤ ᠰᠤᠷᠭᠠᠭᠤᠯᠢ ᠶᠢᠨ ᠵᠢᠭᠠᠨ ᠰᠤᠷᠭᠠᠬᠤ ᠳᠦᠯᠦᠪᠯᠡᠯᠭᠡ ᠶᠢ ᠭᠡᠷᠡᠭ᠍ᠵᠢᠭᠦᠯᠵᠤ᠂ ᠰᠤᠷᠭᠠᠨ ᠭᠦᠮᠦᠵᠢᠯ ᠤᠨ ᠵᠢᠭᠠᠨ ᠰᠤᠷᠭᠠᠬᠤ ᠠᠵᠢᠯ ᠤᠨ ᠶᠠᠰᠤ ᠴᠢᠨᠠᠷ ᠢ ᠪᠠᠳᠤᠯᠠᠵᠤ᠂ ᠵᠢᠭᠠᠨ ᠰᠤᠷᠭᠠᠬᠤ ᠡᠭᠦᠷᠭᠡ ᠶᠢ ᠪᠠᠶᠡᠯᠡᠭᠦᠯᠳᠡᠭ᠌᠃ ᠳᠠᠷᠤᠢ ᠰᠤᠷᠭᠠᠨ ᠭᠦᠮᠦᠵᠢᠯ ᠵᠢᠭᠠᠨ ᠰᠤᠷᠭᠠᠯᠳᠠ ᠶᠢᠨ ᠠᠵᠢᠯᠯᠠᠭ᠎ᠠ ᠶᠢ ᠥᠷᠨᠢᠭᠦᠯᠵᠤ᠂ ᠰᠤᠷᠭᠠᠨ ᠭᠦᠮᠦᠵᠢᠯ ᠵᠢᠭᠠᠨ ᠰᠤᠷᠭᠠᠯᠳᠠ ᠶᠢᠨ ᠥᠭᠡᠷᠡᠴᠢᠯᠡᠯᠳᠡ ᠪᠠ ᠳᠤᠷᠰᠢᠯᠳᠠ ᠶᠢ ᠭᠤᠤᠯᠴᠢᠯᠠᠨ ᠭᠢᠳᠡᠭ᠌᠃ ᠥᠭᠡᠷ᠎ᠡ ᠪᠠᠷ ᠭᠡᠯᠡᠪᠠᠯ᠄ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠤ ᠳᠤᠮᠳᠠᠳᠤ ᠪᠠᠭ᠎ᠠ ᠰᠤᠷᠭᠠᠭᠤᠯᠢ ᠳᠤ ᠭᠦᠷᠴᠤ᠂ ᠭᠢᠴᠢᠶᠠᠯ ᠰᠤᠨᠤᠰᠬᠤ᠂ ᠭᠢᠴᠢᠶᠠᠯ ᠣᠷᠤᠬᠤ᠂ ᠭᠢᠴᠢᠶᠠᠯ ᠵᠢᠯᠤᠭᠤᠤᠠᠬᠤ᠂ ᠶᠠᠷᠢᠯᠴᠠᠨ ᠰᠤᠳᠤᠯᠬᠤ᠂ ᠵᠠᠯᠠᠭᠤ ᠢᠳᠠᠷ ᠪᠠᠭᠰᠢ ᠶᠢ ᠵᠢᠭᠠᠨ ᠵᠢᠯᠤᠭᠤᠤᠠᠴᠤ ᠭᠦᠮᠦᠵᠢᠭᠦᠯᠭᠦ ᠨᠢᠭᠡᠨ ᠰᠤᠷᠭᠠᠯᠳᠠ ᠶᠢᠨ ᠣᠳᠤᠭᠢᠴᠢᠯᠠᠭᠰᠠᠨ ᠠᠷᠭ᠎ᠠ ᠪᠠᠷᠢᠯ ᠢ ᠳᠡᠯᠭᠡᠷᠡᠭᠦᠯᠭᠦ᠂ ᠭᠢᠴᠢᠶᠠᠯ ᠤᠨ ᠥᠭᠡᠷᠡᠴᠢᠯᠡᠯᠳᠡ ᠪᠣᠯᠤᠨ ᠭᠢᠴᠢᠶᠡᠯᠯᠡᠭᠡ ᠶᠢᠨ ᠥᠭᠡᠷᠡᠴᠢᠯᠡᠯᠳᠡ ᠶᠢᠨ ᠭᠤᠤᠯᠠᠬᠤ ᠣᠢ᠌ᠯᠠᠳᠤᠯ ᠢ ᠥᠵᠡᠭᠦᠯᠭᠦ᠂ ᠰᠤᠷᠤᠭᠴᠢ ᠶᠢᠨ ᠰᠤᠷᠤᠯᠴᠠᠯᠭ᠎ᠠ ᠶᠢᠨ ᠭᠦᠭ᠍ᠵᠢᠯᠳᠡ ᠵᠢ᠌᠌ᠯᠤᠭᠤᠤᠠᠬᠤ᠂ ᠰᠤᠷᠤᠭᠴᠢ ᠶᠢᠨ ᠵᠠᠩ ᠰᠤᠷᠳᠠᠯ ᠪᠠ ᠰᠤᠷᠤᠯᠭ᠎ᠠ ᠶᠢᠨ ᠭᠢᠷᠢ ᠪᠦᠳᠦᠮᠵᠢ ᠶᠢ ᠦᠨᠡᠯᠠᠨ ᠳᠤᠭᠳᠠᠭᠠᠬᠤ ᠳᠤ ᠭᠦᠳᠦᠯᠦᠮᠵᠢ ᠶᠢᠨ ᠣᠢ᠌ᠯᠠᠳᠤᠯ ᠥᠵᠡᠭᠦᠯᠭᠦ᠂ ᠳᠤᠮᠳᠠᠳᠤ ᠪᠠᠭ᠎ᠠ ᠰᠤᠷᠭᠠᠭᠤᠯᠢ ᠶᠢᠨ ᠭᠤᠤᠯᠯᠠᠭᠴᠢ ᠪᠠᠭᠰᠢ ᠶᠢ ᠭᠦᠮᠦᠵᠢᠭᠦᠯᠭᠦ ᠴᠢᠳᠠᠮᠠᠭᠠᠢ ᠵᠢᠭᠠᠭᠴᠢ ᠪᠠ ᠭᠢᠴᠢᠶᠠᠯ ᠲᠦᠷᠦᠯ ᠤᠨ ᠳᠠᠭᠠᠭᠤᠯᠤᠭᠴᠢ ᠶᠢ ᠪᠣᠯᠪᠠᠰᠤᠷᠠᠭᠤᠯᠬᠠᠤ ᠪᠠ ᠰᠢᠯᠭᠠᠷᠠᠭᠤᠯᠬᠤ᠂ ᠰᠠᠭᠤᠷᠢ ᠰᠤᠷᠭᠠᠨ ᠭᠦᠮᠦᠵᠢᠯ ᠤᠨ ᠵᠢᠭᠠᠨ ᠰᠤᠷᠭᠠᠯᠳᠠ ᠶᠢᠨ ᠶᠠᠰᠤ ᠴᠢᠨᠠᠷ ᠢ ᠳᠡᠭᠡᠭ᠍ᠰᠢᠯᠡᠭᠦᠯᠭᠦ ᠵᠡᠷᠭᠡ ᠠᠵᠢᠯ ᠡᠭᠦᠷᠭᠡ ᠶᠢ ᠭᠦᠢᠴᠡᠳᠭᠡᠳᠡᠭ᠌ ᠪᠠᠢ᠌ᠨ᠎ᠠ᠃

2.ᠲ᠋ᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠨᠢ ᠴᠤᠬᠤᠮ ᠶᠠᠮᠠᠷ ᠭᠢᠷᠢ ᠭᠡᠮ ᠲᠡᠶ ᠣᠯᠤᠰ ᠪᠣᠯᠬᠤ ᠶᠢ ᠪᠢᠳᠠ ᠬᠠᠷᠠᠰᠤᠭᠠᠢ︕ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠨᠢ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠰᠤᠷᠭᠠᠨ ᠭᠦᠮᠦᠵᠢᠯ ᠤᠨ ᠶᠠᠮᠤᠨ》 ᠡᠴᠡ ᠵᠥᠪᠰᠢᠶᠡᠷᠡᠭ᠍ᠰᠡᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠪᠣᠯᠬᠤ ᠶᠢ ᠭᠡᠷᠡᠴᠢᠯᠡᠭ᠍ᠰᠡᠨ ᠭᠢᠷᠢ ᠭᠡᠮ ᠤᠨ ᠦᠨᠡᠮᠠᠯ ᠲᠡᠶ ᠳᠤᠮᠳᠠᠳᠤ ᠪᠠᠭ᠎ᠠ ᠰᠤᠷᠭᠠᠭᠤᠯᠢ ᠶᠢᠨ ᠭᠢᠷᠢ ᠳᠡᠩᠴᠡᠭ᠍ᠰᠡᠨ ᠰᠢᠯᠢᠳᠡᠭ᠌ ᠪᠠᠭᠰᠢ ᠨᠡᠷ ᠪᠣᠯᠤᠨ᠎ᠠ ᠃

3.ᠲ᠋ᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠨᠢ ᠴᠤᠬᠤᠮ ᠶᠠᠮᠠᠷ ᠳᠤᠰᠬᠠᠢ ᠮᠡᠷᠭᠡᠵᠢᠯ ᠤᠨ ᠳᠤᠰᠢᠶᠠᠯ ᠤᠨ ᠴᠤᠯᠠ ᠲᠡᠶ ᠭᠦᠮᠦᠰ ᠪᠣᠯᠬᠤ ᠶᠢ ᠪᠢᠳᠠ ᠠᠩᠬᠠᠷᠰᠤᠭᠠᠢ︕ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠨᠢ 《ᠦᠪᠣᠷ ᠮᠤᠩᠭ᠋ᠤᠯ ᠤᠨ ᠥᠪᠠᠷᠳᠡᠭᠡᠨ ᠵᠠᠰᠠᠬᠤ ᠣᠷᠤᠨ ᠤ ᠠᠵᠢᠯᠳᠠᠨ ᠤ ᠳᠢᠩᠭᠢᠮ》 ᠵᠥᠪᠰᠢᠶᠡᠷᠡᠭ᠍ᠰᠡᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠪᠣᠯᠬᠤ ᠶᠢ ᠭᠡᠷᠡᠴᠢᠯᠡᠭ᠍ᠰᠡᠨ ᠦᠪᠣᠷ ᠮᠤᠩᠭ᠋ᠤᠯ ᠤᠨ ᠥᠪᠠᠷᠳᠡᠭᠡᠨ ᠵᠠᠰᠠᠬᠤ ᠣᠷᠤᠨ ᠤ ᠳᠤᠰᠬᠠᠢ ᠮᠡᠷᠭᠡᠵᠢᠯ ᠤᠨ ᠭᠢᠷᠢ ᠭᠡᠮ ᠤᠨ ᠦᠨᠡᠮᠯᠠᠯ ᠲᠡᠶ ᠳᠤᠮᠳᠠᠳᠤ ᠰᠤᠷᠭᠠᠭᠤᠯᠢ ᠶᠢᠨ ᠣᠠᠴᠠ ᠳᠠᠰ ᠤᠨ ᠪᠠᠭᠰᠢ᠂ ᠳᠤᠮᠳᠠᠳᠤ ᠰᠤᠷᠭᠠᠭᠤᠯᠢ ᠶᠢᠨ ᠦᠨᠳᠦᠷ ᠳᠠᠰ ᠤᠨ ᠪᠠᠭᠰᠢ᠃ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠳᠠᠰ ᠤᠨ ᠪᠠᠭᠰᠢ᠂ ᠪᠠᠭ᠎ᠠ ᠰᠤᠷᠭᠠᠭᠤᠯᠢ ᠶᠢᠨ ᠣᠠᠴᠠ ᠳᠠᠰ ᠤᠨ ᠪᠠᠭᠰᠢ᠂ ᠪᠠᠭ᠎ᠠ ᠰᠤᠷᠭᠠᠭᠤᠯᠢ ᠶᠢᠨ ᠦᠨᠳᠦᠷ ᠳᠠᠰ ᠤᠨ ᠪᠠᠭᠰᠢ᠂ ᠪᠠᠭ᠎ᠠ ᠰᠤᠷᠭᠠᠭᠤᠯᠢ ᠨᠢᠭᠡᠳᠦᠭᠡᠷ ᠳᠠᠰ ᠤᠨ ᠪᠠᠭᠰᠢ ᠭᠡᠭᠦ ᠠᠯᠳᠠᠨ ᠴᠤᠯᠠ ᠲᠡᠶ ᠪᠠᠢᠳᠠᠭ ᠡ︕ ᠡᠨᠡᠭᠦ ᠴᠤᠯᠠ ᠨᠢ ᠶᠠᠭ 《ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠬᠠᠤᠯᠢ》 ᠶᠢᠨ ᠳᠦᠷᠪᠠᠳᠦᠭᠡᠷ ᠪᠦᠯᠦᠭ᠌ ᠤᠨ ᠭᠤᠴᠢᠳᠤᠭᠠᠷ ᠵᠤᠷᠪᠣᠰ᠄ 《ᠪᠠᠭᠰᠢ ᠪᠣᠯᠤᠭᠰᠠᠤᠨ ᠡᠷᠭᠡᠪᠰᠢ ᠣᠯᠤᠰ ᠡᠴᠡ ᠳᠤᠭᠳᠠᠭᠠᠭᠰᠠᠨ ᠪᠠᠭᠰᠢ ᠶᠢᠨ ᠭᠢᠷᠢ ᠭᠡᠮ ᠢ ᠣᠯᠤᠭᠰᠠᠨ ᠪᠠᠢ᠌ᠬᠤ ᠭᠡᠷᠡᠭ᠍ᠳᠡᠢ᠃ ᠤᠯᠦᠰ ᠡᠴᠡ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠪᠠᠭᠰᠢ ᠶᠢᠨ ᠳᠤᠰᠢᠶᠠᠯ ᠤᠨ ᠳᠦᠷᠢᠮ ᠢ ᠨᠢᠭᠡᠳᠦᠯᠳᠡᠢ ᠳᠤᠭᠳᠠᠭᠠᠨ᠎ᠠ᠃ ᠪᠠᠭᠰᠢ ᠶᠢᠨ ᠳᠤᠰᠢᠶᠠᠯ ᠢ ᠠᠩᠬ᠎ᠠ ᠳᠠᠰ ᠤᠨ ᠳᠤᠰᠢᠶᠠᠯ᠂ ᠳᠤᠮᠳᠠᠳᠤ ᠳᠠᠰ ᠤᠨ ᠳᠤᠰᠢᠶᠠᠯ ᠪᠠ ᠳᠡᠭᠡᠳᠤ ᠳᠠᠰ ᠤᠨ ᠳᠤᠰᠢᠶᠠᠯ ᠭᠡᠵᠤ ᠬᠤᠪᠢᠶᠠᠨ᠎ᠠ》 ᠭᠡᠵᠤ ᠳᠤᠭᠳᠠᠭᠠᠰᠠᠨ ᠲᠡᠶ ᠶᠠᠭ ᠴᠠᠪ ᠨᠠᠢ᠌ᠴᠠᠵᠤ ᠪᠠᠢ᠌ᠨ᠎ᠠ᠃

4.ᠲ᠋ᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠨᠢ ᠴᠤᠬᠤᠮ ᠠᠵᠢᠯ ᠤᠨ ᠴᠢᠳᠠᠪᠣᠷᠢ ᠶᠢᠨ ᠳᠠᠯ᠎ᠠ ᠳᠠᠭᠠᠨ ᠶᠠᠮᠠᠷ ᠴᠤᠯᠠ ᠲᠡᠶ ᠭᠦᠮᠦᠰ ᠪᠣᠯᠬᠤ ᠶᠢ ᠪᠢᠳᠠ ᠰᠡᠳᠭᠢᠰᠦᠭᠡᠢ︕ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠶᠢᠨ ᠣᠯᠠᠩᠭᠢ ᠨᠢ ᠨᠢ᠋ᠮᠠᠨ ᠮᠤᠵᠢ ᠣᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠣᠷᠤᠯᠳᠤᠭᠠᠨ ᠡᠰᠡᠭᠦᠯ᠎ᠡ ᠥᠪᠠᠷᠳᠡᠭᠡᠨ ᠵᠠᠰᠠᠬᠤ ᠣᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠣᠷᠤᠯᠳᠤᠭᠠᠨ ᠮᠥᠷᠥᠢ᠌ᠴᠡᠭᠡᠨ ᠳᠤ ᠣᠷᠤᠯᠴᠠᠭᠠᠤᠨ ᠰᠢᠯᠭᠠᠷᠠᠭᠰᠠᠨ ᠣᠯᠤᠰ ᠤᠨ ᠳᠠᠰ ᠤᠨ ᠴᠢᠳᠠᠮᠠᠭᠠᠢ ᠵᠢᠭᠠᠭᠴᠢ᠂ ᠥᠪᠠᠷᠳᠡᠭᠡᠨ ᠵᠠᠰᠠᠬᠤ ᠣᠷᠤᠨ ᠤ ᠰᠤᠷᠭᠠᠨ ᠭᠦᠮᠦᠵᠢᠯ ᠤᠨ ᠳᠢᠩᠭᠢᠮ ᠡᠴᠡ ᠵᠥᠪᠰᠢᠶᠡᠷᠡᠭ᠍ᠰᠡᠨ ᠣᠷᠤᠨ ᠤ ᠳᠠᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠴᠢᠳᠠᠪᠣᠷᠢᠳᠠᠨ᠂ ᠭᠢᠴᠢᠶᠠᠯ ᠲᠦᠷᠦᠯ ᠤᠨ ᠳᠠᠭᠠᠭᠤᠯᠤᠭᠴᠢ ᠶᠢᠨ ᠴᠤᠯᠠ ᠲᠡᠶ ᠡᠰᠡᠭᠦᠯ᠎ᠡ ᠠᠢ᠌ᠮᠠᠭ ᠬᠤᠳᠠ ᠶᠢᠨ ᠳᠠᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠣᠷᠤᠯᠳᠤᠭᠠᠨ ᠮᠥᠷᠥᠢ᠌ᠴᠡᠭᠡᠨ ᠳᠤ ᠣᠷᠤᠯᠴᠠᠭᠠᠤᠨ ᠰᠢᠯᠭᠠᠷᠠᠭᠰᠠᠨ ᠠᠢ᠌ᠮᠠᠭ ᠬᠤᠳᠠ ᠶᠢᠨ ᠳᠠᠰ ᠤᠨ ᠰᠤᠷᠭᠠᠨ ᠭᠦᠮᠦᠵᠢᠯ ᠤᠨ ᠳᠤᠪᠴᠢᠶ᠎ᠠ ᠵᠥᠪᠰᠢᠶᠡᠷᠡᠭ᠍ᠰᠡᠨ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠴᠢᠳᠠᠪᠣᠷᠢᠳᠠᠨ᠂ ᠭᠢᠴᠢᠶᠠᠯ ᠲᠦᠷᠦᠯ ᠤᠨ ᠳᠠᠭᠠᠭᠤᠯᠤᠭᠴᠢ ᠶᠢᠨ ᠴᠤᠯᠠ ᠲᠡᠶ ᠣᠯᠤᠰ ᠤᠳ ᠪᠠᠢ᠌ᠳᠠᠭ᠃ ᠬᠠᠮᠤᠭ ᠨᠠᠭᠠᠳᠤ ᠵᠠᠬ᠎ᠠ ᠨᠢ ᠬᠤᠰᠢᠭᠤᠨ ᠳᠠᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠣᠷᠤᠯᠳᠤᠭᠠᠨ ᠶᠢᠡᠷ ᠳᠠᠮᠵᠢᠭᠠᠤᠨ ᠬᠤᠰᠢᠭᠤᠨ ᠤ ᠰᠤᠷᠭᠠᠨ ᠭᠦᠮᠦᠵᠢᠯ ᠤᠨ ᠳᠤᠪᠴᠢᠶ᠎ᠠ ᠡᠴᠡ ᠴᠤᠯᠠᠯᠠᠭᠰᠠᠨ ᠬᠤᠰᠢᠭᠤᠨ ᠳᠠᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠴᠢᠳᠠᠪᠣᠷᠢᠳᠠᠨ᠂ ᠭᠢᠴᠢᠶᠠᠯ ᠲᠦᠷᠦᠯ ᠤᠨ ᠳᠠᠭᠠᠭᠤᠯᠤᠭᠴᠢ ᠭᠡᠭᠦ ᠰᠠᠢ᠌ᠬᠠᠨ ᠠᠯᠳᠠᠷ ᠢ ᠳᠠᠭᠤᠷᠢᠰᠤᠭᠤᠯᠤᠭᠰᠠᠨ ᠪᠠᠭᠰᠢ ᠨᠡᠷ ᠪᠣᠯᠤᠨ᠎ᠠ᠃

5.ᠲ᠋ᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠶᠢᠨ ᠠᠵᠢᠯ ᠤᠨ ᠥᠩᠭᠡᠷᠡᠭᠡᠯᠳᠡ ᠠᠵᠢᠯ ᠤᠨ ᠪᠦᠳᠦᠮᠵᠢ ᠶᠢ ᠡᠷᠭᠢᠴᠡᠭᠦᠯᠤᠨ ᠮᠥᠷᠳᠡᠰᠦᠭᠡᠢ︕ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠶᠢᠨ ᠣᠯᠠᠩᠭᠢ ᠨᠢ ᠭᠦᠳᠡᠭᠡ ᠳᠤᠰᠬᠤᠨ ᠤ ᠳᠤᠮᠳᠠᠳᠤ ᠪᠠᠭ᠎ᠠ ᠰᠤᠷᠭᠠᠭᠤᠯᠢ ᠳᠤ ᠬᠠᠮᠤᠭ ᠪᠠᠭ᠎ᠠ ᠳᠠᠭᠠᠨ 20 ᠵᠢᠯ ᠡᠴᠡ ᠳᠡᠭᠡᠭ᠍ᠰᠢ ᠠᠵᠢᠯᠯᠠᠵᠤ ᠭᠦᠴᠢᠷ ᠵᠤᠪᠠᠭᠤᠷᠢ ᠶᠢ ᠳᠤᠭᠤᠯᠵᠤ᠂ ᠵᠢᠭᠠᠨ ᠰᠤᠷᠭᠠᠯᠳᠠ ᠶᠢᠨ ᠠᠵᠢᠯ ᠳᠠᠭᠠᠨ ᠳᠤᠪᠣᠢ᠌ᠮ᠎ᠠ ᠠᠮᠵᠢᠯᠳᠠ ᠭᠠᠷᠭᠠᠭᠰᠠᠨ ᠣᠷᠤᠨ᠂ ᠬᠤᠳᠠ᠂ ᠬᠤᠰᠢᠭᠤᠨ ᠳᠠᠭᠠᠨ ᠠᠯᠳᠠᠷ ᠨᠠᠷ᠎ᠠ ᠮᠠᠠᠳᠤᠭᠰᠠᠨ ᠰᠢᠯᠭᠠᠷᠠᠭᠰᠠᠨ ᠵᠢᠭᠠᠭᠴᠢ᠂ ᠭᠠᠷᠮᠠᠭᠠᠢ ᠭᠢᠴᠢᠶᠡᠯᠯᠡᠭ᠍ᠴᠢ᠂ ᠵᠢᠭᠠᠨ ᠰᠤᠷᠭᠠᠬᠤ ᠶᠠᠰᠤ ᠴᠢᠨᠠᠷ ᠢ ᠳᠡᠭᠡᠭ᠍ᠰᠢᠯᠡᠭᠦᠯᠵᠤ᠂ ᠵᠢᠭᠠᠨ ᠰᠤᠷᠭᠠᠬᠤ ᠦᠷ᠎ᠡ ᠪᠦᠳᠦᠮᠵᠢ ᠶᠢ ᠪᠠᠳᠤᠯᠠᠭᠰᠠᠨ ᠣᠷᠤᠨ᠂ ᠬᠤᠳᠠ᠂ ᠬᠤᠰᠢᠭᠤᠨ ᠤ ᠵᠢᠱᠢᠶᠠᠴᠢ ᠪᠠᠭᠰᠢ᠂ ᠬᠤᠰᠢᠭᠤᠴᠢ ᠳᠠᠭᠠᠭᠤᠯᠤᠭᠴᠢ᠂ ᠳᠤᠯᠭᠠᠭᠤᠷᠢ ᠪᠣᠯᠵᠤ ᠶᠠᠪᠣᠭᠰᠠᠨ ᠠᠬᠠᠮᠠᠤᠨ ᠪᠠᠭᠰᠢ᠂ ᠬᠠᠰᠢᠷ ᠳᠤᠭᠢ ᠳᠤᠷᠰᠢᠯᠭ᠎ᠠ ᠦᠯᠡᠮᠵᠢ ᠨᠤᠳᠤᠭ ᠣᠰᠤᠨ ᠤ ᠰᠤᠷᠭᠠᠨ ᠭᠦᠮᠦᠵᠢᠯ ᠤᠨ ᠵᠢᠦᠡᠭᠦᠯᠳᠡᠳ ᠮᠦᠨ ᠭᠡᠭᠦ ᠳᠤ ᠢᠯᠡᠭᠦᠳᠡᠮᠡᠷ ᠭᠠᠵᠠᠷ ᠦᠭᠡᠶ ᠪᠢᠯᠠ᠃

6.ᠲ᠋ᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠶᠢᠨ ᠦᠵᠡᠯ ᠣᠬᠠᠮᠰᠠᠷ ᠪᠣᠯᠤᠨ ᠮᠡᠳᠡᠯᠭᠡ ᠪᠣᠯᠪᠠᠰᠤᠷᠠᠯ ᠨᠢ ᠴᠤᠬᠤᠮ ᠭᠢᠷᠢ ᠵᠡᠷᠭᠡ ᠪᠣᠯᠬᠤ ᠶᠢ ᠪᠢᠳᠠ ᠭᠡᠮᠵᠢᠰᠦᠭᠡᠢ︕ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠨᠢ ᠦᠨᠳᠦᠰᠦᠨ ᠬᠠᠤᠯᠢ᠂ ᠬᠠᠤᠯᠢ ᠴᠠᠭᠠᠵᠠ ᠪᠣᠯᠤᠨ ᠳᠤᠬᠠᠢ᠌ᠯᠠᠭᠰᠠᠨ ᠠᠵᠢᠯ ᠤᠨ ᠶᠤᠰᠤ ᠮᠤᠷᠠᠯ ᠢ ᠳᠡᠭᠡᠳᠦᠯᠡᠨ ᠵᠢᠷᠤᠮᠯᠠᠵᠤ᠂ ᠪᠣᠰᠤᠳ ᠲᠤ ᠭᠡᠪ ᠳᠦᠷᠢᠮ ᠥᠵᠡᠭᠦᠯᠳᠡᠭ᠌᠃ ᠦᠨᠳᠦᠰᠦᠳᠠᠨ ᠤ ᠪᠠᠨ ᠰᠤᠷᠭᠠᠨ ᠭᠦᠮᠦᠵᠢᠯ ᠵᠢᠭᠠᠨ ᠰᠤᠷᠭᠠᠯᠳᠠ ᠶᠢᠨ ᠣᠢ᠌ᠯᠠᠰ ᠲᠤ ᠠᠷᠠᠯ ᠤᠨ ᠱᠠᠷ ᠪᠣᠯᠵᠤ ᠶᠠᠪᠣᠭ᠎ᠠ ᠰᠤᠶᠤᠯ ᠮᠡᠳᠡᠯᠭᠡ ᠭᠦᠨ᠂ ᠰᠤᠶᠤᠯ ᠤᠨ ᠭᠡᠮᠵᠢᠶ᠎ᠡ ᠦᠨᠳᠦᠷ᠂ ᠰᠤᠷᠴᠤ ᠰᠤᠪᠢᠬᠤ ᠵᠤᠷᠢᠭ ᠰᠦᠰᠦ ᠲᠡᠶ᠂ ᠰᠢᠨ᠎ᠠ ᠶᠢ ᠡᠭᠦᠳᠭᠦ ᠢᠳᠡᠭᠡᠯ ᠭᠦᠴᠤᠨ ᠲᠡᠶ᠂ ᠮᠡᠳᠡᠯᠭᠡ ᠪᠣᠯᠪᠠᠰᠤᠷᠠᠯ ᠦᠨᠳᠦᠷ ᠮᠥᠷᠳᠡᠭᠡᠨ ᠪᠦᠭᠦᠯᠢ ᠡᠳᠦᠷ ᠤᠨ ᠳᠦᠷᠢᠮᠳᠤ ᠳᠤᠰᠬᠠᠢ ᠮᠡᠷᠭᠡᠵᠢᠯ ᠪᠣᠶᠤ ᠶᠡᠭᠡ ᠰᠤᠷᠭᠠᠭᠤᠯᠢ ᠶᠢᠨ ᠵᠢᠩᠭᠢᠨᠢ ᠠᠩᠭᠢ ᠡᠴᠡ ᠰᠤᠷᠤᠯᠭ᠎ᠠ ᠳᠡᠭᠦᠰᠦᠭ᠍ᠰᠡᠨ ᠪᠠᠭᠰᠢ ᠨᠡᠷ ᠪᠣᠯᠤᠨ᠎ᠠ᠃

7.ᠲ᠋ᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠶᠢᠨ ᠳᠤᠰ ᠪᠠᠶ᠎ᠠ ᠶᠢᠨ ᠭᠢᠨᠢ ᠴᠢᠨᠠᠷ ᠴᠢᠠᠰᠠᠭ᠎ᠠ ᠨᠢ ᠴᠤᠬᠤᠮ ᠭᠢᠷᠢ ᠵᠡᠷᠭᠡ ᠶᠢ ᠪᠢᠳᠠ ᠠᠵᠢᠰᠤᠭᠠᠢ︕ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠨᠢ ᠰᠤᠷᠭᠠᠨ ᠭᠦᠮᠦᠵᠢᠯ ᠵᠢᠭᠠᠨ ᠰᠤᠷᠭᠠᠯᠳᠠ ᠶᠢᠨ ᠠᠵᠢᠯ ᠳᠤ ᠵᠢᠦᠡᠭᠦᠯ ᠲᠡᠶ᠂ ᠰᠤᠷᠭᠠᠨ ᠭᠦᠮᠦᠵᠢᠯ ᠵᠢᠭᠠᠨ ᠰᠤᠷᠭᠠᠯᠳᠠ ᠶᠢᠨ ᠠᠵᠢᠯ ᠶᠢᠡᠨ ᠴᠠᠭ ᠥᠷᠭᠦᠯᠵᠢ ᠰᠤᠳᠤᠯᠵᠤ ᠰᠢᠠᠵᠢᠯᠠᠵᠤ᠂ ᠰᠢᠨ᠎ᠠ ᠶᠢ ᠡᠭᠦᠳᠭᠦ ᠪᠠᠷ ᠭᠦᠴᠦᠯᠡᠨ ᠴᠠᠷᠮᠠᠢ᠌ᠵᠤ ᠶᠠᠪᠣᠭ᠎ᠠ ᠡᠷᠡᠰ ᠬᠠᠳᠠᠭᠤ ᠵᠤᠷᠢᠭ ᠰᠠᠨᠠᠭ᠎ᠠ ᠲᠡᠶ᠂ ᠢᠳᠡᠭᠡᠯ ᠭᠦᠴᠤᠨ ᠳᠡᠭᠦᠯᠳᠡᠷ᠂ ᠰᠢᠡᠵᠢᠯᠡᠭᠦ ᠣᠬᠠᠭᠠᠨ ᠤ ᠰᠤᠳᠤᠯᠭᠠᠨ ᠡᠷᠳᠡᠮ ᠰᠢᠡᠵᠢᠯᠡᠭᠡᠨ ᠤ ᠰᠤᠯᠢᠯᠴᠠᠭ᠎ᠠ ᠭᠢᠵᠤ᠂ ᠳᠤᠰᠬᠠᠢ ᠮᠡᠷᠭᠡᠵᠢᠯ ᠤᠨ ᠡᠷᠳᠡᠮ ᠰᠢᠡᠵᠢᠯᠡᠭᠡᠨ ᠤ ᠪᠦᠯᠭᠦᠮ ᠳᠤ ᠣᠷᠤᠯᠴᠠᠵᠤ᠂ ᠡᠷᠳᠡᠮ ᠰᠢᠡᠵᠢᠯᠡᠭᠡᠨ ᠤ ᠠᠵᠢᠯᠯᠠᠭᠠᠨ ᠳᠤ ᠵᠤᠷᠢᠭᠳᠠᠢ ᠪᠠᠷ ᠰᠠᠨᠠᠯ ᠶᠢᠡᠨ ᠳᠡᠪᠰᠢᠭᠦᠯᠵᠤ᠂ ᠦᠨᠳᠦᠰᠦᠳᠠᠨ ᠤ ᠰᠤᠷᠭᠠᠨ ᠭᠦᠮᠦᠵᠢᠯ ᠵᠢᠭᠠᠨ ᠰᠤᠷᠭᠠᠯᠳᠠ ᠶᠢᠨ ᠣᠢ᠌ᠯᠠᠰ ᠲᠤ ᠭᠦᠴᠤ ᠪᠠᠨ ᠡᠷᠭᠦᠵᠤ ᠶᠠᠪᠣᠭ᠎ᠠ ᠪᠠᠭᠰᠢ ᠨᠡᠷ ᠪᠣᠯᠤᠨ᠎ᠠ᠃

8.ᠲ᠋ᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠨᠢ ᠴᠤᠬᠤᠮ ᠶᠠᠮᠠᠷ ᠵᠠᠮ ᠶᠢᠡᠷ ᠶᠠᠭᠠᠭᠢᠵᠤ ᠵᠢᠭᠠᠬᠤᠢ ᠰᠤᠷᠬᠤᠢ ᠶᠢ ᠰᠤᠳᠤᠯᠬᠤ ᠭᠡᠷ ᠲᠤ ᠢᠷᠠᠪᠠ︖ ᠪᠢᠳᠠ ᠵᠠᠮ ᠮᠦᠷ ᠢ ᠨᠢ ᠬᠠᠢ᠌ᠵᠤ ᠥᠵᠡᠰᠦᠭᠡᠢ︕ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠨᠢ ᠡᠩ ᠳᠡᠷᠢᠭᠦᠨ ᠳᠤ ᠡᠯ᠎ᠡ ᠰᠤᠷᠭᠠᠭᠤᠯᠢ ᠳᠤ ᠭᠤᠤᠯᠯᠠᠭᠴᠢ ᠭᠦᠴᠤᠨ ᠪᠠᠢ᠌ᠭᠰᠠᠨ ᠴᠢᠳᠠᠮᠠᠭᠠᠢ ᠵᠢᠭᠠᠭᠴᠢ᠂ ᠰᠢᠨ᠎ᠠ ᠶᠢ ᠡᠭᠦᠳᠭᠦ ᠵᠤᠷᠢᠭ ᠰᠨᠠᠭ᠎ᠠ ᠳᠠᠢ ᠲ᠋ᠤᠬᠠᠢ᠌ᠯᠠᠭᠰᠠᠨ ᠠᠵᠢᠯ ᠭᠡᠪᠠᠯ ᠠᠮᠢ ᠪᠠᠨ ᠠᠪᠳᠠᠭ ᠦᠭᠡᠶ ᠥᠭᠦᠨ ᠵᠢᠦᠡᠭᠦᠳᠡᠭ᠌ ᠬᠠᠯᠠᠭᠤᠨ ᠰᠡᠳᠬᠢᠯᠭᠡ ᠲᠡᠶ ᠪᠠᠭᠰᠢ ᠨᠡᠷ ᠢ ᠳᠡᠭᠡᠳᠤ ᠱᠠᠳᠤᠨ ᠤ ᠵᠤᠬᠢᠶᠠᠨ ᠪᠠᠢ᠌ᠭᠤᠯᠤᠯᠳᠠ ᠰᠢᠯᠵᠢᠭᠦᠯᠤᠨ ᠠᠪᠴᠢᠷᠠᠵᠤ ᠪᠦᠭᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠳᠤ ᠥᠢᠯᠡᠴᠢᠯᠡᠭᠦᠯᠦᠭ᠍ᠰᠡᠨ ᠪᠠᠢ᠌ᠨ᠎ᠠ᠃ ᠵᠠᠷᠢᠮ ᠭᠠᠵᠠᠷ ᠣᠷᠤᠨ᠂ ᠵᠠᠷᠢᠮ ᠬᠤᠰᠢᠭᠤ ᠰᠢᠶᠠᠨ ᠤ ᠲ᠋ᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠶᠢ ᠰᠤᠳᠤᠯᠬᠤ ᠭᠡᠷ ᠤᠨ ᠪᠠᠭᠰᠢ ᠨᠢ ᠬᠤᠰᠢᠭᠤᠨ ᠤ ᠰᠤᠷᠭᠠᠨ ᠭᠦᠮᠦᠵᠢᠯ ᠤᠨ ᠳᠤᠪᠴᠢᠶᠠᠨ ᠤ ᠰᠢᠭᠤᠳ ᠰᠢᠯᠢᠯᠳᠠ᠂ ᠳᠤᠰᠬᠠᠢ ᠰᠢᠯᠭᠠᠯᠳᠠ ᠪᠠᠷ ᠳᠠᠮᠵᠢᠵᠤ ᠰᠤᠭᠤᠴᠢᠵᠤ ᠠᠪᠴᠢᠷᠠᠭᠰᠠᠨ ᠰᠢᠯᠢᠳᠡᠭ᠌ ᠪᠠᠭᠰᠢ ᠰᠤᠳᠤᠨ ᠭᠦᠮᠦᠰ ᠪᠣᠯᠤᠨ᠎ᠠ᠃ ᠪᠦᠷ ᠳᠡᠭᠡᠳᠤ ᠱᠠᠳᠤᠨ ᠤ ᠵᠤᠬᠢᠶᠠᠨ ᠪᠠᠢ᠌ᠭᠤᠯᠤᠯᠳᠠ ᠶᠢᠨ ᠳᠤᠭᠢᠷᠠᠭᠤᠯᠤᠯᠳᠠ ᠶᠢ ᠰᠢᠳᠤᠷᠭᠤ ᠪᠠᠷ ᠳᠠᠭᠠᠵᠤ᠂ ᠦᠨᠡᠠᠴᠢ ᠪᠠᠷ ᠵᠢᠷᠦᠮᠯᠡᠳᠡᠭ᠌᠂ ᠲᠦᠪ ᠭᠤᠤᠯᠴᠢ᠂ ᠴᠢᠭᠡᠴᠢ ᠠᠷᠢᠭᠤᠨ᠂ ᠰᠤᠷᠭᠠᠨ ᠭᠦᠮᠦᠵᠢᠯ ᠵᠢᠭᠠᠨ ᠰᠤᠷᠭᠠᠯᠳᠠ ᠶᠢᠨ ᠠᠵᠢᠯ ᠳᠠᠭᠠᠨ ᠨᠢᠭᠡ ᠰᠡᠳᠭᠢᠯ ᠭᠠᠭᠴᠠ ᠵᠤᠷᠢᠭ ᠶᠢᠡᠷ ᠵᠢᠦᠡᠭᠦᠳᠡᠭ᠌ ᠪᠠᠭᠰᠢ ᠨᠡᠷ ᠪᠣᠯᠤᠨ᠎ᠠ᠃

9. ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠦᠭᠦᠯᠢ ᠨᠠᠷᠠᠢ᠌ᠳᠤᠯ ᠨᠢ ᠴᠤᠬᠤᠮ ᠶᠠᠮᠠᠷ ᠪᠠᠢ᠌ᠪᠠᠯ ᠵᠤᠭᠢᠬᠤ ᠪᠣᠢ︖ ᠪᠢᠳᠠ ᠳᠤᠩᠭ᠋ᠠᠨ ᠪᠣᠳᠤᠰᠤᠭᠠᠢ︕ ᠳᠠᠷᠤᠢ xxx ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠭᠡᠳᠡᠭ᠌᠃ ᠨᠠᠩ ᠪᠣᠳᠠᠳᠠᠢ ᠪᠠᠷ ᠭᠡᠯᠡᠪᠠᠯ᠄ 《ᠦᠪᠣᠷ ᠮᠤᠩᠭ᠋ᠤᠯ ᠤᠨ ᠥᠪᠠᠷᠳᠡᠭᠡᠨ ᠵᠠᠰᠠᠬᠤ ᠣᠷᠤᠨ ᠤ ᠲᠦᠪ ᠲᠤ ᠪᠠᠢ᠌ᠭ᠎ᠠ ᠵᠢᠭᠠᠬᠤᠢ ᠰᠤᠷᠬᠤᠢ ᠶᠢ ᠰᠤᠳᠤᠯᠬᠤ ᠭᠡᠷ》 ᠢ ᠪᠣᠯ 《ᠦᠪᠣᠷ ᠮᠤᠩᠭ᠋ᠤᠯ ᠤᠨ ᠥᠪᠠᠷᠳᠡᠭᠡᠨ ᠵᠠᠰᠠᠬᠤ ᠣᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠭᠦᠮᠦᠵᠢᠯ ᠵᠢᠭᠠᠨ ᠰᠤᠷᠭᠠᠯᠳᠠ ᠶᠢᠨ ᠠᠵᠢᠯ ᠢ ᠰᠤᠳᠤᠯᠬᠤ ᠭᠠᠵᠠᠷ》 ᠪᠣᠶᠤ 《ᠦᠪᠣᠷ ᠮᠤᠩᠭ᠋ᠤᠯ ᠤᠨ ᠥᠪᠠᠷᠳᠡᠭᠡᠨ ᠵᠠᠰᠠᠬᠤ ᠣᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ》 ᠭᠡᠵᠤ ᠨᠡᠷᠡᠯᠡᠳᠡᠭ᠌ ᠪᠠᠢ᠌ᠨ᠎ᠠ᠃ ᠬᠤᠳᠠ᠂ ᠠᠢ᠌ᠮᠠᠭ᠂ ᠬᠤᠰᠢᠭᠤᠨ ᠳᠠᠰ ᠤᠨ ᠵᠢᠭᠠᠬᠤᠢ ᠰᠤᠷᠬᠤᠢ ᠶᠢ ᠰᠤᠳᠤᠯᠬᠤ ᠭᠡᠷ ᠢ ᠪᠣᠯ 《xxx ᠬᠤᠳᠠ᠂ ᠠᠢ᠌ᠮᠠᠭ᠂ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ》 ᠭᠡᠵᠤ ᠨᠡᠷᠡᠯᠡᠳᠡᠭ᠌ ᠪᠠᠢ᠌ᠨ᠎ᠠ᠃ ᠵᠢᠱᠢᠶᠠᠯᠠᠪᠠᠯ᠄ 《ᠵᠢᠷᠢᠮ ᠠᠢ᠌ᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ》 《ᠣᠯᠠᠭᠠᠠᠬᠠᠳᠠ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ》 《ᠪᠠᠭᠠᠷᠢᠨ ᠪᠠᠷᠠᠭᠤᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ》 《ᠠᠷᠤ ᠬᠤᠷᠴᠢᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠰᠤᠳᠤᠯᠬᠤ ᠭᠡᠷ》 ᠡᠨᠡ ᠮᠠᠳᠤ ᠪᠠᠷ ᠪᠠᠭᠠᠷᠢᠨ ᠵᠡᠭᠦᠨ ᠬᠤᠰᠢᠭᠤᠨ ᠤ᠂ ᠣᠩᠨᠢᠭᠤᠳ ᠬᠤᠰᠢᠭᠤᠨ ᠤ᠂ ᠨᠢᠩᠴᠸᠩ ᠰᠢᠶᠠᠨ᠁ ᠭᠡᠵᠤ ᠨᠡᠷᠡᠯᠡᠳᠡᠭ᠌ ᠪᠠᠢ᠌ᠨ᠎ᠠ᠃ ᠭᠡᠳᠡᠯ᠎ᠡ ᠣᠳᠤ ᠡᠨᠡ ᠪᠦᠭᠦᠯᠢ ᠨᠠᠷᠠᠢ᠌ᠳᠤᠯ ᠢ ᠳᠤᠩᠭ᠋ᠠᠨ ᠪᠣᠳᠤᠯᠭᠢᠯᠠᠬᠤ ᠵᠠᠰᠠᠭ ᠤᠨ ᠨᠤᠶᠠᠤᠨ ᠦᠭᠡᠶ ᠪᠣᠯᠤᠭᠰᠠᠨ ᠨᠢ ᠲ᠋ᠤᠩ ᠬᠠᠷᠠᠮᠰᠠᠯᠳᠠᠢ᠃

ᠳᠡᠭᠡᠷᠡᠭᠢ ᠶᠢ ᠬᠤᠷᠢᠶᠠᠩᠭ᠋ᠣᠢ᠌ᠯᠠᠵᠤ᠂ ᠰᠠᠢ᠌ᠳᠤᠷ ᠰᠠᠳᠭᠢᠨ ᠪᠣᠳᠤᠯᠭᠢᠯᠠᠵᠤ ᠨᠠᠷᠢᠨ ᠳᠤᠩᠭ᠋ᠠᠵᠤ᠂ ᠭᠦᠨ ᠣᠢ᠌ᠯᠭᠠᠵᠤ ᠦᠵᠡᠪᠠᠯ ᠭᠠᠵᠠᠷ ᠣᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠪᠣᠯ ᠳᠠᠷᠤᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠮᠦᠨ ᠭᠡᠳᠡᠭ᠌ ᠢ ᠳᠤᠳᠤᠷᠬᠠᠢ ᠭᠡᠷᠴᠢᠯᠡᠵᠤ ᠪᠠᠢ᠌ᠨ᠎ᠠ᠃ ᠰᠡᠳᠭᠢᠭᠦᠢ ᠶᠢᠨ ᠭᠦᠡᠳᠤ ᠠᠷᠬᠠᠭ ᠲᠤ ᠨᠡᠷᠪᠠᠭ᠍ᠳᠡᠭ᠍ᠰᠡᠨ ᠦᠭᠡᠶ ᠯᠠ ᠶᠤᠮ ᠪᠣᠯ ᠡᠨᠡᠭᠦ ᠡᠭᠡᠳᠡᠷᠡᠭᠡᠡᠳᠤ ᠣᠴᠢᠷ ᠤᠨ ᠰᠢᠷᠢᠯᠳᠦᠭᠡᠡᠳᠤ ᠰᠢ᠌ᠤᠠᠪᠣᠷᠢ ᠶᠢ ᠭᠠᠷᠭᠠᠬᠤ ᠦᠭᠡᠶ ᠪᠠᠢ᠌ᠵᠤ ᠪᠣᠯᠤᠨ᠎ᠠ᠃


ᠡᠭᠡᠳᠡᠷᠡᠭᠡᠡᠳᠤ ᠣᠴᠢᠷ ᠬᠤᠶᠠᠷ


ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠨᠢ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠤ ᠪᠠᠭᠰᠢ ᠮᠦᠨ ᠡᠰᠡᠭᠦ ᠶᠢᠨ ᠳᠤᠬᠠᠢ᠄

1986 ᠣᠨ ᠤ 4 ᠰᠠᠷ᠎ᠠ ᠶᠢᠨ 12 ᠊ᠤᠨ ᠡᠳᠦᠷ ᠵᠢᠷᠭᠤᠳᠤᠭᠠᠷ ᠬᠤᠭᠤᠴᠠᠭᠠᠨ ᠤ ᠪᠦᠭᠦ ᠣᠯᠤᠰ ᠤᠨ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠳᠦᠷᠪᠠᠳᠦᠭᠡᠷ ᠬᠤᠷᠠᠯᠳᠤᠭᠠᠨ ᠡᠴᠡ ᠪᠠᠳᠤᠯᠠᠵᠤ᠂ 1986 ᠣᠨ ᠤ 7 ᠰᠠᠷ᠎ᠠ ᠶᠢᠨ 1 ᠊ᠤ ᠡᠳᠦᠷ ᠡᠴᠡ ᠡᠭᠢᠯᠡᠵᠤ ᠭᠡᠷᠡᠭ᠍ᠵᠢᠭᠦᠯᠦᠭ᠍ᠰᠡᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠬᠠᠤᠯᠢ》 ᠶᠢᠨ ᠬᠤᠶᠠᠳᠤᠭᠠᠷ ᠵᠣᠢ᠌ᠯ ᠳᠤ 《ᠤᠯᠦᠰ ᠡᠴᠡ ᠶ‍ᠢᠰᠤᠨ ᠵᠢᠯ ᠤᠨ ᠳᠦᠷᠢᠮᠳᠤ ᠠᠯᠪᠠᠨ ᠵᠢᠷᠤᠮ ᠤᠨ ᠰᠤᠷᠭᠠᠨ ᠭᠦᠮᠦᠵᠢᠯ ᠢ ᠭᠡᠷᠡᠭ᠍ᠵᠢᠭᠦᠯᠦᠨ᠎ᠡ᠃》 ᠭᠡᠵᠡᠢ᠃ ᠳᠤᠯᠤᠳᠤᠭᠠᠷ ᠵᠣᠢ᠌ᠯ ᠳᠤ 《ᠠᠯᠪᠠᠨ ᠵᠢᠷᠤᠮ ᠤᠨ ᠰᠤᠷᠭᠠᠨ ᠭᠦᠮᠦᠵᠢᠯ ᠢ ᠠᠩᠬ᠎ᠠ ᠵᠡᠷᠭᠡ ᠶᠢᠨ ᠰᠤᠷᠭᠠᠨ ᠭᠦᠮᠦᠵᠢᠯ ᠪᠠ ᠳᠤᠮᠳᠠᠳᠤ ᠵᠡᠷᠭᠡ ᠶᠢᠨ ᠰᠤᠷᠭᠠᠨ ᠭᠦᠮᠦᠵᠢᠯ ᠭᠡᠵᠤ ᠬᠤᠶᠠᠷ ᠱᠠᠳᠤ ᠬᠤᠪᠢᠶᠠᠨ᠎ᠠ》 ᠭᠡᠵᠤ ᠳᠤᠷᠠᠳᠤᠭᠰᠠᠨ ᠪᠠᠢ᠌ᠳᠠᠭ᠃ ᠡᠨᠡ ᠴᠢᠨᠢ ᠳᠠᠷᠤᠢ ᠪᠠᠭ᠎ᠠ ᠰᠤᠷᠭᠠᠭᠤᠯᠢ ᠪᠣᠯᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠭᠡᠵᠤ ᠳᠤᠳᠤᠷᠬᠠᠢ ᠭᠡᠯᠡᠭ᠍ᠰᠡᠨ ᠪᠢᠰᠢᠤ︕ 《ᠣᠯᠤᠰ ᠡᠴᠡ ᠶ‍ᠢᠰᠤᠨ ᠵᠢᠯ ᠤᠨ ᠳᠦᠷᠢᠮᠳᠤ ᠠᠯᠪᠠᠨ ᠵᠢᠷᠤᠮ ᠤᠨ ᠰᠤᠷᠭᠠᠨ ᠭᠦᠮᠦᠵᠢᠯ ᠢ ᠭᠡᠷᠡᠭ᠍ᠵᠢᠭᠦᠯᠦᠨ᠎ᠡ》 ᠭᠡᠵᠤ ᠳᠤᠭᠳᠠᠭᠠᠭᠰᠠᠨ ᠨᠢ ᠪᠠᠭ᠎ᠠ ᠰᠤᠷᠭᠠᠭᠤᠯᠢ ᠶᠢᠨ ᠰᠤᠷᠭᠠᠨ ᠭᠦᠮᠦᠵᠢᠯ ᠪᠣᠯᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠭᠦᠮᠦᠵᠢᠯ ᠢ ᠵᠢᠭᠠᠵᠤ ᠪᠠᠢ᠌ᠭ᠎ᠠ ᠨᠢ ᠳᠤᠳᠤᠷᠬᠠᠢ ᠪᠠᠢ᠌ᠨ᠎ᠠ᠃ ᠪᠣᠴᠠᠭᠠᠤᠨ ᠭᠡᠯᠡᠪᠠᠯ᠄ ᠪᠠᠭ᠎ᠠ ᠰᠤᠷᠭᠠᠭᠤᠯᠢ ᠪᠣᠯᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠭᠢᠴᠢᠶᠠᠯᠯᠠᠵᠤ ᠪᠠᠢ᠌ᠭ᠎ᠠ ᠪᠠᠭᠰᠢ ᠪᠣᠯ ᠳᠠᠷᠤᠢ ᠶ‍ᠢᠰᠤᠨ ᠵᠢᠯ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠤ ᠪᠠᠭᠰᠢ ᠮᠦᠨ ᠭᠡᠳᠡᠭ᠌ ᠢ ᠭᠡᠷᠡᠴᠢᠯᠡᠵᠤ ᠪᠠᠢ᠌ᠨ᠎ᠠ᠃ ᠡᠢ᠌ᠮᠤ ᠡᠴᠡ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠰᠤᠳᠤᠯᠬᠤ ᠭᠡᠷ ᠤᠨ ᠪᠠᠭᠰᠢ ᠴᠤ ᠭᠡᠰᠡᠨ ᠣᠯᠤᠰ ᠡᠴᠡ ᠳᠤᠭᠳᠠᠭᠠᠭᠰᠠᠨ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠤ ᠪᠠᠭᠰᠢ ᠮᠦᠨ᠃

1993 ᠣᠨ ᠤ 10 ᠰᠠᠷ᠎ᠠ ᠶᠢᠨ 31 ᠊ᠤ ᠡᠳᠦᠷ ᠪᠦᠭᠦ ᠣᠯᠤᠰ ᠤᠨ ᠨᠢ᠌ᠮᠠᠳᠤᠭᠠᠷ ᠬᠤᠭᠤᠴᠠᠭᠠᠨ ᠤ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠳᠦᠷᠪᠠᠳᠦᠭᠡᠷ ᠣᠳᠠᠭᠠᠨ ᠤ ᠬᠤᠷᠠᠯ ᠡᠴᠡ ᠪᠠᠳᠤᠯᠠᠵᠤ᠂ 1994 ᠣᠨ ᠤ 1 ᠰᠠᠷ᠎ᠠ ᠶᠢᠨ 1 ᠊ᠤ ᠡᠳᠦᠷ ᠡᠴᠡ ᠡᠭᠢᠯᠡᠨ ᠭᠡᠷᠡᠭ᠍ᠵᠢᠭᠦᠯᠦᠭ᠍ᠰᠡᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠪᠠᠭᠰᠢ ᠶᠢᠨ ᠬᠠᠤᠯᠢ》 ᠵᠢᠨ ᠶ‍ᠢᠰᠦᠳᠦᠭᠡᠷ ᠪᠦᠯᠦᠭ᠌ ᠤᠨ ᠳᠦᠴᠢᠳᠦᠭᠡᠷ ᠵᠣᠢ᠌ᠯ ᠳ᠋ᠤ ᠵᠢᠭᠰᠠᠭᠠᠭᠰᠠᠨ ᠳᠤᠰ ᠬᠠᠤᠯᠢ ᠶᠢᠨ ᠥᠭᠡ ᠭᠡᠯᠡᠯᠭᠡ ᠶᠢᠨ ᠠᠭᠤᠯᠭ᠎ᠠ ᠶᠢᠨ ᠬᠤᠶᠠᠳᠤᠭᠠᠷ ᠵᠤᠷᠪᠣᠰ ᠲᠤ᠄ ᠪᠣᠰᠤᠳ ᠰᠤᠷᠭᠠᠨ ᠭᠦᠮᠦᠵᠢᠯ ᠤᠨ ᠪᠠᠢ᠌ᠭᠤᠯᠤᠮᠵᠢ ᠭᠡᠳᠡᠭ᠌ ᠢ ᠳᠤᠳᠤᠷᠬᠠᠢ ᠳᠠᠢ᠌ᠯᠪᠣᠷᠢᠯᠠᠵᠤ ᠦᠭ‍ᠭᠦᠭ᠍ᠰᠡᠨ ᠪᠠᠢ᠌ᠨ᠎ᠠ᠃ ᠳᠤᠰ ᠬᠠᠤᠯᠢ ᠳᠤ ᠵᠢᠭᠠᠵᠤ ᠪᠠᠢ᠌ᠭ᠎ᠠ 《ᠪᠣᠰᠤᠳ ᠰᠤᠷᠭᠠᠨ ᠭᠦᠮᠦᠵᠢᠯ ᠤᠨ ᠪᠠᠢ᠌ᠭᠤᠯᠤᠮᠵᠢ ᠭᠡᠳᠡᠭ᠌ ᠨᠢ᠄ ᠪᠠᠭᠠᠴᠤᠳ ᠤᠨ ᠣᠷᠳᠤᠨ ᠵᠢᠴᠢ ᠭᠠᠵᠠᠷ ᠣᠷᠤᠨ ᠤ ᠵᠢᠭᠠᠬᠤᠢ ᠰᠤᠷᠬᠤᠢ ᠶᠢ ᠰᠤᠳᠤᠯᠬᠤ ᠭᠡᠷ᠂ ᠴᠠᠭᠢᠯᠭᠠᠠᠵᠢᠭᠰᠠᠨ ᠰᠤᠷᠭᠠᠨ ᠭᠦᠮᠦᠵᠢᠯ ᠤᠨ ᠪᠠᠢ᠌ᠭᠤᠯᠤᠮᠵᠢ ᠶᠢ ᠵᠢᠭᠠᠵᠤ ᠪᠠᠢ᠌ᠨ᠎ᠠ》 ᠭᠡᠵᠡᠢ᠃ ᠭᠤᠷᠪᠠᠳᠤᠭᠠᠷ ᠵᠤᠷᠪᠣᠰ ᠲᠤ᠄ ᠶᠠᠮᠠᠷ ᠭᠦᠮᠦᠰ ᠢ ᠳᠤᠮᠳᠠᠳᠤ ᠪᠠᠭ᠎ᠠ ᠰᠤᠷᠭᠠᠭᠠᠤᠯᠢ ᠶᠢᠨ ᠪᠠᠭᠰᠢ ᠭᠡᠵᠤ ᠭᠡᠯᠡᠳᠡᠭ᠌ ᠢ ᠳᠤᠳᠤᠷᠬᠠᠢ ᠳᠠᠢ᠌ᠯᠪᠣᠷᠢ ᠭᠢᠵᠤ ᠦᠭ‍ᠭᠦᠭ᠍ᠰᠡᠨ ᠪᠠᠢ᠌ᠨ᠎ᠡ᠃ ᠳᠤᠰ ᠬᠠᠤᠯᠢ ᠳᠤ ᠵᠢᠭᠠᠵᠤ ᠪᠠᠢ᠌ᠭ᠎ᠠ ᠳᠤᠮᠳᠠᠳᠤ ᠪᠠᠭ᠎ᠠ ᠰᠤᠷᠭᠠᠭᠠᠤᠯᠢ ᠶᠢᠨ ᠪᠠᠭᠰᠢ ᠭᠡᠳᠡᠭ᠌ ᠨᠢ ᠬᠡᠦᠬᠡᠳ ᠤᠨ ᠴᠡᠴᠡᠷᠯᠢᠭ᠌᠂ ᠣᠠᠴᠠᠭᠠᠢ ᠰᠤᠷᠭᠠᠨ ᠭᠦᠮᠦᠵᠢᠯ ᠤᠨ ᠪᠠᠢ᠌ᠭᠤᠯᠤᠮᠵᠢ᠂ ᠡᠩ ᠤᠨ ᠳᠤᠮᠳᠠᠳᠤ ᠪᠠᠭ᠎ᠠ ᠰᠤᠷᠭᠠᠭᠤᠯᠢ᠂ ᠨᠠᠰᠤᠨ ᠳᠤ ᠭᠦᠷᠦᠭ᠍ᠰᠡᠳ ᠤᠨ ᠠᠩᠬ᠎ᠠ ᠵᠡᠷᠭᠡ᠂ ᠳᠤᠮᠳᠠᠳᠤ ᠵᠡᠷᠭᠡ ᠶᠢᠨ ᠰᠤᠷᠭᠠᠨ ᠭᠦᠮᠦᠵᠢᠯ ᠤᠨ ᠪᠠᠢ᠌ᠭᠤᠯᠤᠮᠵᠢ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠵᠢᠴᠢ ᠪᠣᠰᠤᠳ ᠰᠤᠷᠭᠠᠨ ᠭᠦᠮᠦᠵᠢᠯ ᠤᠨ ᠪᠠᠢ᠌ᠭᠤᠯᠤᠮᠵᠢ ᠶᠢᠨ ᠪᠠᠭᠰᠢ ᠶᠢ ᠵᠢᠭᠠᠵᠤ ᠪᠠᠢ᠌ᠨ᠎ᠠ》 ᠭᠡᠵᠡᠢ᠃

1999 ᠣᠨ ᠤ 9 ᠰᠠᠷ᠎ᠠ ᠶᠢᠨ 12 ᠊ᠤ ᠡᠳᠦᠷ ᠨᠡᠢ᠌ᠳᠡᠯᠡᠭᠡᠳ᠂ ᠳᠤᠰ ᠡᠳᠦᠷ ᠡᠴᠡ ᠡᠭᠢᠯᠡᠨ ᠭᠡᠷᠡᠭ᠍ᠵᠢᠭᠦᠯᠦᠭ᠍ᠰᠡᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠰᠤᠷᠭᠠᠨ ᠭᠦᠮᠦᠵᠢᠯ ᠤᠨ ᠶᠠᠮᠤᠨ ᠤ 7 ᠳ᠋ᠤᠭᠠᠷ ᠳᠤᠭᠠᠳᠤ ᠵᠠᠷᠯᠢᠭ》 ᠳᠠᠷᠤᠢ 《ᠲ᠋ᠤᠮᠳᠠᠳᠤ ᠪᠠᠭ᠎ᠠ ᠰᠤᠷᠭᠠᠭᠤᠯᠢ ᠶᠢᠨ ᠥᠷᠭᠦᠯᠵᠢᠯᠡᠯ ᠰᠤᠷᠭᠠᠨ ᠭᠦᠮᠦᠵᠢᠯ ᠤᠨ ᠳᠤᠭᠳᠠᠭᠠᠯ》 ᠤᠨ ᠵᠢᠷᠭᠤᠳᠤᠭᠠᠷ ᠪᠦᠯᠦᠭ᠌ ᠤᠨ ᠬᠤᠷᠢᠨ ᠬᠤᠶᠠᠳᠤᠭᠠᠷ ᠵᠣᠢ᠌ᠯ ᠳᠤ᠄ ᠶᠠᠮᠠᠷ ᠭᠦᠮᠦᠰ ᠢ ᠴᠤᠬᠤᠮ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠭᠡᠵᠤ ᠭᠡᠯᠡᠳᠡᠭ᠌ ᠳᠤᠬᠠᠢ ᠳᠠᠭᠢᠨ ᠨᠢᠭᠡ ᠣᠳᠠᠭ᠎ᠠ ᠳᠤᠳᠤᠷᠬᠠᠢ ᠳᠠᠢ᠌ᠯᠪᠣᠷᠢ ᠬᠠᠳᠠᠭᠰᠠᠨ ᠪᠠᠢ᠌ᠨ᠎ᠠ᠃

ᠳᠤᠰ ᠳᠤᠭᠳᠠᠭᠠᠯ ᠳᠤ ᠵᠢᠭᠠᠵᠤ ᠪᠠᠢ᠌ᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠭᠡᠳᠡᠭ᠌ ᠨᠢ᠄ ᠬᠡᠦᠬᠡᠳ ᠤᠨ ᠴᠡᠴᠡᠷᠯᠢᠭ᠌᠂ ᠣᠠᠴᠠᠭᠠᠢ ᠰᠤᠷᠭᠠᠨ ᠭᠦᠮᠦᠵᠢᠯ ᠤᠨ ᠪᠠᠢ᠌ᠭᠤᠯᠤᠮᠵᠢ᠂ ᠡᠩ ᠤᠨ ᠳᠤᠮᠳᠠᠳᠤ ᠪᠠᠭ᠎ᠠ ᠰᠤᠷᠭᠠᠭᠤᠯᠢ᠂ ᠨᠠᠰᠤᠨ ᠳᠤ ᠭᠦᠷᠦᠭ᠍ᠰᠡᠳ ᠤᠨ ᠠᠩᠬ᠎ᠠ ᠵᠡᠷᠭᠡ ᠳᠤᠮᠳᠠᠳᠤ ᠵᠡᠷᠭᠡ ᠶᠢᠨ ᠰᠤᠷᠭᠠᠨ ᠭᠦᠮᠦᠵᠢᠯ ᠤᠨ ᠪᠠᠢ᠌ᠭᠤᠯᠤᠮᠵᠢ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠵᠢᠴᠢ ᠪᠣᠰᠤᠳ ᠰᠤᠷᠭᠠᠨ ᠭᠦᠮᠦᠵᠢᠯ ᠤᠨ ᠪᠠᠢ᠌ᠭᠤᠯᠤᠮᠵᠢ ᠶᠢᠨ ᠪᠠᠭᠰᠢ ᠪᠣᠯᠤᠨ᠎ᠠ᠃》 ᠭᠡᠵᠤ ᠳᠤᠪ ᠳᠤᠳᠤᠷᠬᠠᠢ ᠵᠢᠭᠠᠵᠤ ᠭᠠᠷᠭᠠᠵᠠᠢ᠃

ᠡᠢ᠌ᠮᠤ ᠡᠴᠡ ᠪᠢᠳᠠ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠪᠠᠭᠰᠢ ᠶᠢᠨ ᠬᠠᠤᠯᠢ》᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠰᠤᠷᠭᠠᠨ ᠭᠦᠮᠦᠵᠢᠯ ᠤᠨ ᠶᠠᠮᠤᠨ 7 ᠳ᠋ᠤᠭᠠᠷ ᠳᠤᠭᠠᠳᠤ ᠵᠠᠷᠯᠢᠭ》 ᠊ᠤᠨ ᠪᠣᠳᠠᠳᠠᠢ ᠠᠭᠤᠯᠭ᠎ᠠ ᠡᠴᠡ ᠦᠵᠡᠪᠠᠯ᠄ ᠶᠠᠮᠠᠷ ᠭᠦᠮᠦᠰ ᠢ ᠴᠤᠬᠤᠮ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠭᠡᠵᠤ ᠭᠡᠯᠡᠳᠡᠭ᠌ ᠢ ᠣᠢ᠌ᠯᠠᠭᠠᠨ ᠮᠠᠳᠠᠵᠤ ᠪᠣᠯᠤᠨ᠎ᠠ᠃ ᠳᠠᠷᠤᠢ ᠣᠯᠤᠰ ᠡᠴᠡ ᠬᠠᠤᠯᠢ ᠳᠤᠭᠳᠠᠭᠠᠯ ᠪᠠᠷ ᠵᠦᠪᠰᠢᠶᠠᠷᠠᠵᠤ ᠪᠠᠢ᠌ᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠭᠡᠳᠡᠭ᠌ ᠨᠢ᠄ ᠬᠡᠦᠬᠡᠳ ᠤᠨ ᠴᠡᠴᠡᠷᠯᠢᠭ᠌ ᠤᠨ ᠪᠠᠭᠰᠢ᠂ ᠣᠠᠴᠠᠭᠠᠢ ᠰᠤᠷᠭᠠᠨ ᠭᠦᠮᠦᠵᠢᠯ ᠤᠨ ᠪᠠᠢ᠌ᠭᠤᠯᠤᠮᠵᠢ ᠶᠢᠨ ᠪᠠᠭᠰᠢ᠂ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ᠂ ᠨᠠᠰᠤᠨ ᠳᠤ ᠭᠦᠷᠦᠭ᠍ᠰᠡᠳ ᠤᠨ ᠠᠩᠬ᠎ᠠ ᠵᠡᠷᠭᠡ ᠳᠤᠮᠳᠠᠳᠤ ᠵᠡᠷᠭᠡ ᠶᠢᠨ ᠰᠤᠷᠭᠠᠨ ᠭᠦᠮᠦᠵᠢᠯ ᠤᠨ ᠪᠠᠢ᠌ᠭᠤᠯᠤᠮᠵᠢ ᠶᠢᠨ ᠪᠠᠭᠰᠢ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠪᠠᠭᠰᠢ᠂ ᠪᠠᠭᠠᠴᠤᠳ ᠤᠨ ᠣᠷᠳᠤᠨ ᠤ ᠪᠠᠭᠰᠢ᠂ ᠭᠠᠵᠠᠷ ᠣᠷᠤᠨ ᠤ ᠵᠢᠭᠠᠬᠤ ᠶᠢ ᠰᠤᠳᠤᠯᠬᠤ ᠭᠡᠷ ᠤᠨ ᠪᠠᠭᠰᠢ᠂ ᠴᠠᠭᠢᠯᠭᠠᠠᠵᠢᠭᠰᠠᠨ ᠰᠤᠷᠭᠠᠨ ᠭᠦᠮᠦᠵᠢᠯ ᠤᠨ ᠪᠠᠢ᠌ᠭᠤᠯᠤᠮᠵᠢ ᠶᠢᠨ ᠪᠠᠭᠰᠢ ᠶᠢ ᠵᠢᠭᠠᠵᠤ ᠪᠠᠢ᠌ᠨ᠎ᠠ᠃ ᠳᠡᠭᠡᠷᠡᠭᠢ ᠬᠠᠤᠯᠢ ᠳᠤᠭᠳᠠᠭᠠᠯ ᠡᠴᠡ ᠮᠡᠳᠡᠭᠦ ᠨᠢ᠄ ᠭᠠᠵᠠᠷ ᠣᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠭᠡᠳᠡᠭ᠌ ᠨᠢ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠪᠣᠯᠬᠤ ᠮᠥᠷᠳᠡᠭᠡᠨ ᠣᠯᠤᠰ ᠡᠴᠡ ᠳᠤᠭᠳᠠᠭᠠᠰᠠᠨ ᠶ‍ᠢᠰᠤᠨ ᠵᠢᠯ ᠤᠨ ᠳᠦᠷᠢᠮᠳᠤ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠤ ᠪᠠᠭᠰᠢ ᠭᠡᠳᠡᠭ᠌ ᠢ ᠳᠤᠳᠤᠷᠬᠠᠢ ᠭᠡᠷᠡᠴᠢᠯᠡᠵᠤ ᠪᠠᠢ᠌ᠨ᠎ᠠ᠃ ᠭᠦᠮᠤᠨ ᠪᠦᠭᠦᠨ ᠬᠠᠤᠯᠢ ᠶᠢ ᠰᠤᠷᠴᠤ᠂ ᠬᠠᠤᠯᠢ ᠶᠢ ᠣᠢ᠌ᠯᠠᠭᠠᠵᠤ᠂ ᠬᠠᠤᠯᠢ ᠶᠢ ᠵᠦᠪ ᠭᠡᠷᠡᠭ᠍ᠵᠢᠭᠦᠯᠪᠠᠯ ᠰᠠ‍‌ᠶᠢ ᠡᠭᠡᠳᠡᠷᠡᠭᠡᠡᠳᠤ ᠣᠴᠢᠷ ᠤᠨ ᠰᠢᠷᠢᠯᠳᠦᠭᠡᠡᠳᠤ ᠰᠢ᠌ᠤᠠᠪᠣᠷᠢ ᠶᠢ ᠥᠭᠡᠢ᠌ᠰᠭᠡᠵᠤ ᠴᠢᠳᠠᠬᠤ ᠶᠤᠮ᠃


ᠰᠢᠷᠢᠯᠳᠦᠭᠡᠡᠳᠤ ᠰᠢ᠌ᠤᠠᠪᠣᠷᠢ ᠶᠢᠨ ᠳᠤᠬᠠᠢ


ᠪᠠᠭᠰᠢ ᠶᠢᠨ ᠴᠠᠯᠢᠩ ᠭᠦᠯᠦᠰᠤ ᠶᠢᠨ ᠠᠰᠠᠭᠤᠳᠠᠯ ᠤᠨ ᠳᠤᠬᠠᠢ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠪᠠᠭᠰᠢ ᠶᠢᠨ ᠬᠠᠤᠯᠢ》ᠵᠢᠨ ᠵᠢᠷᠭᠤᠳᠤᠭᠠᠷ ᠪᠦᠯᠦᠭ᠌ ᠤᠨ ᠬᠤᠷᠢᠨ ᠳᠠᠪᠣᠳᠤᠭᠠᠷ ᠵᠣᠢ᠌ᠯ ᠳᠤ᠄ 《ᠪᠠᠭᠰᠢ ᠶᠢᠨ ᠳᠤᠮᠳᠠᠴᠢ ᠴᠠᠯᠢᠩ ᠤᠨ ᠭᠢᠷᠢ ᠭᠡᠮᠵᠢᠶ᠎ᠡ ᠣᠯᠤᠰ ᠤᠨ ᠠᠯᠪᠠᠨ ᠠᠵᠢᠯᠳᠠᠨ ᠤ ᠳᠤᠮᠳᠠᠴᠢ ᠴᠠᠯᠢᠩ ᠤᠨ ᠭᠢᠷᠢ ᠭᠡᠮᠵᠢᠶ᠎ᠡ ᠡᠴᠡ ᠳᠤᠤᠷ᠎ᠠ ᠪᠠᠢ᠌ᠵᠤ ᠪᠣᠯᠬᠤ ᠦᠭᠡᠢ ᠪᠣᠶᠤ ᠦᠨᠳᠦᠷ ᠪᠠᠢ᠌ᠬᠤ ᠭᠡᠷᠡᠭ᠍ᠳᠡᠢ》 ᠭᠡᠵᠤ ᠳᠤᠭᠳᠠᠭᠠᠭᠰᠠᠨ ᠪᠠᠢ᠌ᠳᠠᠭ᠃ 2006 ᠣᠨ ᠤ 6 ᠰᠠᠷ᠎ᠠ ᠶᠢᠨ 29 ᠊ᠤ ᠡᠳᠦᠷ ᠠᠷᠪᠠᠳᠤᠭᠠᠷ ᠬᠤᠭᠤᠴᠠᠭᠠᠨ ᠤ ᠪᠦᠭᠦ ᠣᠯᠤᠰ ᠤᠨ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠤᠶᠠᠳᠤᠭᠠᠷ ᠣᠳᠠᠭᠠᠨ ᠤ ᠬᠤᠷᠠᠯ ᠶᠢᠡᠷ ᠵᠠᠰᠠᠪᠣᠷᠢᠯᠠᠨ ᠪᠠᠳᠤᠯᠠᠵᠤ᠂ 2006 ᠣᠨ ᠤ 9 ᠰᠠᠷ᠎ᠠ ᠶᠢᠨ 1 ᠊ᠤ ᠡᠳᠦᠷ ᠡᠴᠡ ᠭᠡᠷᠡᠭ᠍ᠵᠢᠭᠦᠯᠦᠭ᠍ᠰᠡᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠬᠠᠤᠯᠢ》 ᠶᠢᠨ ᠭᠤᠴᠢᠨ ᠨᠢᠭᠡᠳᠦᠭᠡᠷ ᠵᠤᠷᠪᠣᠰ᠄ 《ᠡᠯ᠎ᠡ ᠱᠠᠳᠤᠨ ᠤ ᠠᠷᠠᠤᠨ ᠤᠨ ᠵᠠᠰᠠᠭ ᠤᠨ ᠣᠷᠳᠤᠨ ᠡᠴᠡ ᠪᠠᠭᠰᠢ ᠶᠢᠨ ᠴᠠᠯᠢᠩ ᠮᠥᠩᠭᠦ᠂ ᠨᠥᠭᠦᠪᠦᠷᠢ ᠣᠯᠭᠤᠮᠵᠢ ᠪᠠ ᠨᠡᠢ᠌ᠭᠡᠮ ᠤᠨ ᠪᠠᠳᠤᠯᠭ᠎ᠠ ᠶᠢᠨ ᠭᠦᠷᠳᠡᠭᠡᠮᠵᠢ ᠶᠢ ᠪᠠᠳᠤᠯᠠᠵᠤ᠂ ᠪᠠᠭᠰᠢ ᠶᠢᠨ ᠠᠵᠢᠯ ᠪᠠ ᠠᠮᠢᠳᠤᠷᠠᠯ ᠤᠨ ᠨᠥᠭᠦᠴᠡᠯ ᠢ ᠰᠠᠢ᠌ᠵᠢᠷᠠᠭᠤᠯᠬᠤ ᠭᠡᠷᠡᠭ᠍ᠳᠡᠢ᠂ ᠭᠦᠳᠡᠭᠡ ᠳᠤᠰᠬᠤᠨ ᠤ ᠪᠠᠭᠰᠢ ᠶᠢᠨ ᠴᠠᠯᠢᠩ ᠮᠥᠩᠭᠦᠨ ᠤ ᠵᠠᠷᠤᠳᠠᠯ ᠢ ᠪᠠᠳᠤᠯᠠᠬᠤ ᠭᠡᠷᠡᠭ᠍ᠳᠡᠢ᠃ ᠪᠠᠭᠰᠢ ᠶᠢᠨ ᠳᠤᠮᠳᠠᠴᠢ ᠴᠠᠯᠢᠩ ᠤᠨ ᠭᠡᠮᠵᠢᠶ᠎ᠡ ᠨᠢ ᠳᠤᠬᠠᠢ ᠶᠢᠨ ᠭᠠᠵᠠᠷ ᠤᠨ ᠣᠯᠤᠰ ᠤᠨ ᠠᠯᠪᠠᠳᠠᠨ ᠤ ᠳᠤᠮᠳᠠᠴᠢ ᠴᠠᠯᠢᠩ ᠤᠨ ᠭᠡᠮᠵᠢᠶ᠎ᠡ ᠡᠴᠡ ᠳᠤᠤᠷ᠎ᠠ ᠪᠠᠢ᠌ᠵᠤ ᠪᠣᠯᠬᠤ ᠦᠭᠡᠶ》 ᠭᠡᠵᠤ ᠳᠤᠭᠳᠠᠭᠠᠵᠠᠢ᠃

1995 ᠣᠨ ᠤ 3 ᠰᠠᠷ᠎ᠠ ᠶᠢᠨ 16 ᠊ᠤ ᠡᠳᠦᠷ ᠨᠢ᠋ᠮᠠᠳᠤᠭᠠᠷ ᠬᠤᠭᠤᠴᠠᠭᠠᠨ ᠤ ᠪᠦᠭᠦ ᠣᠯᠤᠰ ᠤᠨ ᠠᠷᠠᠤᠨ ᠤᠨ ᠳᠦᠯᠦᠭᠡᠯᠡᠭ᠍ᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠴᠡ ᠪᠠᠳᠤᠯᠠᠵᠤ᠂ 1995 ᠣᠨ ᠤ 9 ᠰᠠᠷ᠎ᠠ ᠶᠢᠨ 1 ᠊ᠤ ᠡᠳᠦᠷ ᠡᠴᠡ ᠭᠡᠷᠡᠭ᠍ᠵᠢᠭᠦᠯᠦᠭ᠍ᠰᠡᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠤᠨ ᠣᠯᠤᠰ ᠤᠨ ᠰᠤᠷᠭᠠᠨ ᠭᠦᠮᠦᠵᠢᠯ ᠤᠨ ᠬᠠᠤᠯᠢ》 ᠵᠢᠨ ᠨᠢᠭᠡᠳᠦᠭᠡᠷ ᠪᠦᠯᠦᠭ᠌᠂ ᠶᠡᠷᠦᠩᠭᠡᠢ ᠳᠦᠷᠢᠮ ᠤᠨ ᠠᠷᠪᠠᠨ ᠬᠤᠶᠠᠳᠤᠭᠠᠷ ᠵᠣᠢ᠌ᠯ ᠳᠤ᠄ 《ᠭᠢᠳᠠᠤᠨ ᠥᠭᠡ ᠭᠡᠯᠡ ᠥᠰᠦᠭ᠌ ᠪᠢᠴᠢᠭ᠌ ᠪᠣᠯ ᠰᠤᠷᠭᠠᠭᠤᠯᠢ ᠪᠠ ᠪᠣᠰᠤᠳ ᠰᠤᠷᠭᠠᠨ ᠭᠦᠮᠦᠵᠢᠯ ᠤᠨ ᠪᠠᠢ᠌ᠭᠤᠯᠤᠮᠵᠢ᠌᠌ ᠶᠢᠨ ᠭᠢᠴᠢᠶᠠᠯ ᠭᠦᠮᠦᠵᠢᠯ ᠤᠨ ᠦᠨᠳᠦᠰᠦᠨ ᠥᠭᠡ ᠭᠡᠯᠡ ᠥᠰᠦᠭ᠌ ᠪᠢᠴᠢᠭ᠌ ᠮᠦᠨ᠃ ᠴᠥᠭᠡᠨ ᠳᠤᠭᠠᠳᠤ ᠦᠨᠳᠦᠰᠦᠳᠠᠨ ᠤ ᠰᠤᠷᠤᠭᠴᠢᠳ ᠶᠢᠡᠷ ᠭᠤᠤᠯ ᠪᠣᠯᠭᠠᠭᠰᠠᠨ ᠰᠤᠷᠭᠠᠭᠤᠯᠢ ᠪᠠ ᠪᠣᠰᠤᠳ ᠰᠤᠷᠭᠠᠨ ᠭᠦᠮᠦᠵᠢᠯ ᠤᠨ ᠪᠠᠢ᠌ᠭᠤᠯᠤᠮᠵᠢ ᠨᠤᠭᠤᠳ ᠳᠤᠰ ᠦᠨᠳᠦᠰᠦᠳᠠᠨ ᠤ ᠪᠠᠨ ᠪᠣᠶᠤ ᠡᠰᠡᠭᠦᠯ᠎ᠡ ᠳᠤᠬᠠᠢ ᠶᠢᠨ ᠭᠠᠵᠠᠷ ᠤᠨ ᠦᠨᠳᠦᠰᠦᠳᠠᠨ ᠤ ᠨᠡᠢ᠌ᠳᠡᠯᠢᠭ᠌ ᠭᠡᠯᠡ ᠪᠠ ᠳᠦᠷᠢᠮᠵᠢᠭ᠍ᠰᠡᠨ ᠥᠰᠦᠭ᠌ ᠢ ᠳᠡᠯᠭᠡᠷᠡᠭᠦᠯᠤᠨ ᠭᠡᠷᠡᠭᠯᠡᠭᠦ ᠭᠡᠷᠡᠭ᠍ᠳᠡᠢ》 ᠭᠡᠵᠡᠢ᠃ ᠪᠠᠰᠠ ᠰᠤᠷᠭᠠᠭᠤᠯᠢ ᠪᠠ ᠪᠣᠰᠤᠳ ᠰᠤᠷᠭᠠᠨ ᠭᠦᠮᠦᠵᠢᠯ ᠤᠨ ᠪᠠᠢ᠌ᠭᠤᠯᠤᠮᠵᠢ ᠨᠤᠭᠤᠳ ᠭᠢᠴᠢᠶᠠᠯ ᠭᠦᠮᠦᠵᠢᠯ ᠭᠢᠭᠦ ᠳᠡᠭᠡᠨ ᠪᠦᠭᠦ ᠣᠯᠤᠰ ᠲᠤ ᠨᠠᠢ᠌ᠳᠠᠮ ᠭᠡᠷᠡᠭᠯᠡᠳᠡᠭ᠌ ᠨᠡᠢ᠌ᠳᠡᠯᠢᠭ᠌ ᠭᠡᠯᠡ ᠪᠠ ᠳᠦᠷᠢᠮᠵᠢᠭ᠍ᠰᠡᠨ ᠥᠰᠦᠭ᠌ ᠢ ᠳᠡᠯᠭᠡᠷᠡᠭᠦᠯᠤᠨ ᠭᠡᠷᠡᠭᠯᠡᠭᠦ ᠭᠡᠷᠡᠭ᠍ᠳᠡᠢ》 ᠭᠡᠵᠡᠢ᠃ ᠡᠭᠦᠨ ᠡᠴᠡ ᠦᠵᠡᠪᠠᠯ᠄ ᠰᠤᠷᠭᠠᠭᠤᠯᠢ ᠪᠠ ᠪᠣᠰᠤᠳ ᠰᠤᠷᠭᠠᠨ ᠭᠦᠮᠦᠵᠢᠯ ᠤᠨ ᠪᠠᠢ᠌ᠭᠤᠯᠤᠮᠵᠢ ᠪᠣᠯ ᠪᠦᠷ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠰᠦᠨ ᠪᠣᠢ᠌ᠵᠢᠬᠤ ᠳᠤ ᠭᠤᠤᠯ ᠭᠦᠴᠤᠨ ᠵᠣᠢ᠌ᠯ ᠪᠣᠯᠵᠤ ᠪᠠᠢ᠌ᠭ᠎ᠠ ᠭᠡᠳᠡᠭ᠌ ᠢ ᠬᠠᠷᠠᠭᠤᠯᠵᠤ ᠪᠠᠢ᠌ᠨ᠎ᠠ᠃ ᠳᠠᠷᠤᠢ ᠬᠤᠶᠠᠭᠤᠯᠠ ᠪᠠᠨ ᠨᠢᠭᠡ ᠯᠠ ᠶᠠᠭᠤᠮ᠎ᠠ ᠮᠦᠨ᠃ ᠰᠠᠯᠵᠤ ᠪᠣᠯᠤᠰᠢ ᠦᠭᠡᠶ ᠨᠢᠭᠳᠠ ᠬᠠᠷᠢᠴᠠᠭ᠎ᠠ ᠲᠡᠶ ᠭᠡᠳᠡᠭ᠌ ᠢ ᠳᠤᠳᠤᠷᠬᠠᠢ᠌ᠯᠠᠵᠤ ᠪᠠᠢ᠌ᠨ᠎ᠠ᠃ ᠡᠳ᠋ᠯᠡᠵᠤ ᠪᠠᠢ᠌ᠭ᠎ᠠ ᠡᠷᠭᠡ ᠨᠢ ᠨᠢᠭᠡ᠂ ᠡᠭᠦᠷᠭᠡᠯᠡᠵᠤ ᠪᠠᠢ᠌ᠭ᠎ᠠ ᠡᠭᠦᠷᠭᠡ ᠨᠢ ᠨᠢᠭᠡ᠂ ᠭᠢᠵᠤ ᠪᠠᠢ᠌ᠭ᠎ᠠ ᠠᠵᠢᠯ ᠨᠢ ᠨᠢᠭᠡ ᠭᠡᠳᠡᠭ᠌ ᠢ ᠣᠯᠤᠰ ᠤᠨ ᠬᠠᠤᠯᠢ ᠳᠦᠷᠢᠮ ᠪᠠᠳᠤᠳᠠᠢ ᠭᠡᠷᠡᠴᠢᠯᠡᠵᠤ ᠪᠠᠢ᠌ᠭ᠎ᠠ ᠪᠢᠰᠢᠤ︕ ᠭᠤᠷᠪᠠᠳᠤᠭᠠᠷ ᠪᠦᠯᠦᠭ᠌ ᠤᠨ ᠬᠤᠷᠢᠨ ᠨᠢ᠋ᠮᠠᠳᠤᠭᠠᠷ ᠵᠣᠢ᠌ᠯ ᠳᠤ 《ᠣᠯᠤᠰ ᠡᠴᠡ ᠰᠤᠷᠭᠠᠭᠤᠯᠢ ᠪᠠ ᠪᠣᠰᠤᠳ ᠰᠤᠷᠭᠠᠨ ᠭᠦᠮᠦᠵᠢᠯ ᠤᠨ ᠪᠠᠢ᠌ᠭᠤᠯᠤᠮᠵᠢ᠌᠌ ᠶᠢᠨ ᠬᠠᠤᠯᠢ ᠶᠤᠰᠤᠨ ᠤ ᠡᠷᠭᠡ ᠠᠰᠢᠭ ᠤᠨ ᠬᠠᠯᠳᠠᠭᠳᠠᠬᠤ ᠦᠭᠡᠶ ᠪᠠᠢ᠌ᠬᠤ ᠶᠢ ᠬᠠᠮᠠᠭᠠᠯᠠᠨ᠎ᠠ》 ᠭᠡᠵᠤ ᠳᠤᠳᠤᠷᠬᠠᠢ ᠵᠢᠭᠠᠵᠤ ᠭᠠᠷᠭᠠᠭᠰᠠᠨ ᠪᠠᠢ᠌ᠨ᠎ᠠ᠃ ᠳᠦᠷᠪᠠᠳᠦᠭᠡᠷ ᠪᠦᠯᠦᠭ᠌ ᠤᠨ ᠭᠤᠴᠢᠨ ᠳᠠᠪᠣᠳᠤᠭᠠᠷ ᠵᠣᠢ᠌ᠯ ᠳᠤ 《ᠰᠤᠷᠭᠠᠭᠤᠯᠢ ᠪᠠ ᠪᠣᠰᠤᠳ ᠰᠤᠷᠭᠠᠨ ᠭᠦᠮᠦᠵᠢᠯ ᠤᠨ ᠪᠠᠢ᠌ᠭᠤᠯᠤᠮᠵᠢ ᠶᠢᠨ ᠠᠵᠢᠯᠳᠠᠨ ᠳᠤ ᠰᠤᠷᠭᠠᠨ ᠭᠦᠮᠦᠵᠢᠯ ᠤᠨ ᠠᠵᠢᠯᠳᠠᠨ ᠤ ᠳᠦᠷᠢᠮ ᠢ ᠭᠡᠷᠡᠭ᠍ᠵᠢᠭᠦᠯᠦᠨ᠎ᠡ》 ᠭᠡᠵᠤ ᠳᠤᠳᠠᠭᠠᠭᠰᠠᠨ ᠪᠠᠢ᠌ᠳᠠᠭ᠃ ᠡᠢ᠌ᠮᠤ ᠡᠴᠡ ᠪᠢᠳᠠ 《ᠰᠤᠷᠭᠠᠨ ᠭᠦᠮᠦᠵᠢᠯ ᠤᠨ ᠬᠠᠤᠯᠢ》᠂ 《ᠪᠠᠭᠰᠢ ᠶᠢᠨ ᠬᠠᠤᠯᠢ》᠂ 《ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠬᠠᠤᠯᠢ》᠂ 《ᠣᠯᠤᠰ ᠤᠨ ᠰᠤᠷᠭᠠᠨ ᠭᠦᠮᠦᠵᠢᠯ ᠤᠨ ᠶᠠᠮᠤᠨ ᠤ ᠵᠠᠷᠯᠢᠭ》 ᠵᠡᠷᠭᠡ ᠡᠴᠡ ᠨᠠᠷᠢᠨ ᠳᠤᠩᠭ᠋ᠠᠨ ᠦᠵᠡᠪᠠᠯ᠄ ᠰᠤᠷᠭᠠᠭᠤᠯᠢ ᠶᠢᠨ ᠠᠵᠢᠯᠳᠠᠨ ᠪᠣᠯᠤᠨ ᠪᠣᠰᠤᠳ ᠰᠤᠷᠭᠠᠨ ᠭᠦᠮᠦᠵᠢᠯ ᠤᠨ ᠪᠠᠢ᠌ᠭᠤᠯᠤᠮᠵᠢ ᠶᠢᠨ ᠠᠵᠢᠯᠳᠠᠨ ᠪᠣᠯ ᠨᠢᠭᠡ ᠯᠠ ᠠᠳᠠᠯᠢ ᠭᠡᠳᠡᠭ᠌ ᠢ ᠳᠤᠳᠤᠷᠬᠠᠢ ᠶᠠᠷᠢᠵᠤ ᠪᠠᠢ᠌ᠨ᠎ᠠ᠃ ᠥᠭᠡᠷ᠎ᠡ ᠪᠠᠷ ᠭᠡᠯᠡᠪᠠᠯ᠄ ᠰᠤᠷᠭᠠᠭᠤᠯᠢ ᠶᠢᠨ ᠪᠠᠭᠰᠢ ᠪᠣᠯᠤᠨ ᠪᠣᠰᠤᠳ ᠰᠤᠷᠭᠠᠨ ᠭᠦᠮᠦᠵᠢᠯ ᠤᠨ ᠪᠠᠢ᠌ᠭᠤᠯᠤᠮᠵᠢ ᠶᠢᠨ ᠪᠠᠭᠰᠢ ᠪᠣᠯ ᠪᠦᠷ ᠨᠭᠡ ᠯᠠ ᠠᠳᠠᠯᠢᠬᠠᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠮᠦᠨ᠃ ᠳᠠᠷᠤᠢ ᠶ‍ᠢᠰᠤᠨ ᠵᠢᠯ ᠤᠨ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠤ ᠪᠠᠭᠰᠢ ᠮᠦᠨ ᠭᠡᠳᠡᠭ᠌ ᠢ ᠬᠠᠤᠯᠢ ᠳᠦᠷᠢᠮ ᠶᠢᠡᠷ ᠭᠡᠷᠡᠴᠢᠯᠡᠨ ᠪᠠᠳᠤᠯᠠᠵᠤ ᠪᠠᠢ᠌ᠨ᠎ᠠ᠃ ᠳᠠᠷᠤᠢ ᠣᠯᠤᠰ ᠡᠴᠡ ᠳᠤᠭᠳᠠᠭᠠᠰᠠᠨ ᠪᠠᠭᠰᠢ ᠶᠢᠨ ᠬᠠᠤᠯᠢ ᠶᠤᠰᠤᠨ ᠤ ᠡᠷᠭᠡ ᠠᠰᠢᠭ ᠢ ᠨᠢᠭᠡ ᠯᠠ ᠠᠳᠠᠯᠢ ᠭᠦᠷᠳᠡᠨ᠎ᠡ ᠭᠡᠳᠡᠭ᠌ ᠢ ᠳᠤᠪ ᠳᠤᠳᠤᠷᠬᠠᠢ ᠵᠢᠭᠠᠵᠤ ᠭᠠᠷᠭᠠᠭᠰᠠᠨ ᠪᠠᠢ᠌ᠳᠠᠯ᠎ᠠ ᠪᠠᠭ᠎ᠠ ᠰᠤᠷᠭᠠᠭᠤᠯᠢ ᠶᠢᠨ ᠪᠠᠭᠰᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ᠂ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ᠂ ᠪᠠᠭᠰᠢ ᠶᠢᠨ ᠳᠠᠪᠰᠢᠨ ᠪᠣᠯᠪᠠᠰᠤᠷᠠᠭᠤᠯᠬᠤ ᠰᠤᠷᠭᠠᠭᠤᠯᠢ ᠶᠢᠨ ᠪᠠᠭᠰᠢ᠂ ᠷᠠᠳᠢᠤ᠋ ᠳᠸᠯᠸᠢᠰ ᠳᠡᠭᠡᠳᠤ ᠰᠤᠷᠭᠠᠭᠤᠯᠢ ᠶᠢᠨ ᠪᠠᠭᠰᠢ ᠨᠢ ᠠᠯᠪᠠᠨ ᠵᠢᠷᠤᠮ ᠤᠨ ᠰᠤᠷᠭᠠᠨ ᠭᠦᠮᠦᠵᠢᠯ ᠤᠨ ᠱᠠᠳᠤᠨ ᠤ ᠪᠠᠭᠰᠢ ᠪᠣᠯᠴᠢᠬᠠᠭᠠᠤᠨ ᠴᠠᠯᠢᠩ ᠭᠦᠯᠦᠰᠤ ᠨᠢ ᠮᠢᠩᠭ᠋᠎ᠠ ᠬᠤᠶᠠᠷ ᠵᠠᠭᠤ ᠭᠠᠷᠤᠢ ᠨᠡᠮᠡᠭ᠍ᠳᠡᠵᠤ᠂ ᠬᠡᠦᠬᠡᠳ ᠤᠨ ᠴᠡᠴᠡᠷᠯᠢᠭ᠌ ᠤᠨ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤᠢ ᠰᠤᠷᠬᠤᠢ ᠶᠢ ᠰᠤᠳᠤᠯᠬᠤ ᠭᠡᠷ ᠤᠨ ᠪᠠᠭᠰᠢ ᠨᠢ ᠶᠠᠭᠠᠭᠢᠭᠠᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠴᠤ ᠪᠢᠰᠢ ᠪᠣᠯᠴᠢᠬᠠᠪᠠ︖ ᠡᠨᠡ ᠨᠢ ᠣᠯᠤᠰ ᠡᠴᠡ ᠳᠤᠭᠳᠠᠭᠠᠭᠰᠠᠨ ᠬᠠᠤᠯᠢ ᠳᠦᠷᠢᠮ ᠳᠤ ᠠᠰᠠᠭᠤᠳᠠᠯ ᠲᠡᠶ ᠪᠣᠯᠴᠢᠬᠠᠵᠤ ᠭᠡᠵᠤ ᠦᠦ︖ ᠡᠰᠡᠭᠦᠯ᠎ᠡ ᠭᠠᠵᠠᠷ ᠣᠷᠤᠨ ᠤ ᠵᠠᠰᠠᠭ ᠤᠨ ᠨᠤᠶᠠᠤᠨ ᠰᠡᠳᠭᠢᠭᠦᠢ ᠶᠢᠨ ᠭᠦᠡᠳᠤ ᠠᠷᠬᠠᠭ ᠲᠤ ᠨᠡᠷᠪᠡᠭᠳᠡᠭ᠍ᠰᠡᠨ ᠡᠴᠡ ᠬᠠᠤᠯᠢ ᠳᠦᠷᠢᠮ ᠤᠨ ᠰᠤᠷᠤᠯᠴᠠᠯᠭ᠎ᠠ ᠳᠤᠳᠠᠭᠤᠳᠠᠵᠤ᠂ ᠬᠠᠤᠯᠢ ᠳᠦᠷᠢᠮ ᠤᠨ ᠳᠤᠬᠠᠢ ᠣᠢ᠌ᠯᠭᠠᠭᠳᠠᠬᠤᠨ ᠪᠠᠯᠠᠷᠬᠠᠢ᠌ᠰᠢᠵᠤ 《ᠨᠢᠭᠡ ᠥᠭᠡᠷ ᠤᠨ ᠬᠤᠶᠠᠷ ᠡᠪᠠᠷ ᠢ ᠨᠢᠭᠡ ᠶᠢ ᠨᠢ ᠥᠭᠡᠷ ᠤᠨ ᠡᠪᠠᠷ ᠨᠥᠭᠦᠭᠡ ᠶᠢ ᠨᠢ ᠢᠮᠠᠭᠠᠨ ᠡᠪᠠᠷ》 ᠭᠡᠵᠤ ᠨᠡᠷᠡᠯᠡᠭ᠍ᠰᠡᠨ ᠢᠨᠢᠶᠠᠳᠤᠮᠳᠠᠢ ᠣᠴᠢᠷ ᠭᠠᠷᠭᠠᠭᠰᠠᠨ ᠨᠢ ᠳᠤᠩ ᠴᠤ ᠬᠠᠷᠠᠮᠰᠠᠯᠳᠠᠢ ᠶᠠᠪᠣᠳᠠᠯ ᠡ︕ ᠡᠢ᠌ᠮᠤ ᠶᠠᠪᠣᠳᠠᠯ ᠢ ᠳᠠᠭᠢᠵᠤ ᠪᠣᠤ ᠯᠠ ᠥᠷᠭᠦᠯᠵᠢᠯᠡᠭᠦᠯᠦᠭᠡᠰᠡᠢ ᠭᠡᠵᠤ ᠭᠠᠵᠠᠷ ᠣᠷᠤᠨ ᠤ ᠵᠠᠰᠠᠭ ᠤᠨ ᠨᠤᠶᠠᠤᠨ ᠲᠤ ᠰᠠᠨᠠᠭᠤᠯᠬᠤ ᠶᠢᠨ ᠬᠠᠮᠳᠤ ᠰᠡᠳᠭᠢᠭᠦᠢ ᠶᠢᠨ ᠭᠦᠡᠳᠤ ᠠᠷᠬᠠᠭ ᠶᠢᠡᠨ ᠳᠦᠷᠭᠡᠨ ᠡᠮᠨᠡᠭᠦᠯᠵᠤ ᠰᠢᠷᠢᠯᠳᠦᠭᠡᠡᠳᠤ ᠰᠢ᠌ᠤᠠᠪᠣᠷᠢ ᠪᠠᠨ ᠡᠷᠳᠡᠭᠡᠨ ᠡᠴᠦᠰᠯᠡᠭᠦᠯᠭᠦ ᠶᠢ ᠳᠠᠭᠢᠨ ᠨᠢᠭᠡ ᠣᠳᠠᠭ᠎ᠠ ᠰᠡᠷᠡᠮᠵᠢᠯᠡᠭᠦᠯᠦᠶ᠎ᠡ︕

ᠵᠤᠬᠢᠶᠠᠭᠴᠢ᠄ ᠪᠢᠯᠢᠭ᠍ᠰᠦᠳᠤᠨ
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠪᠠᠭᠰᠢ ᠶᠢᠨ ᠬᠠᠨᠢ
ᠳᠠᠷᠤᠮ᠄ 3351
ᠴᠠᠭ᠄ 2009 ᠤᠨ ᠤ 09 ᠰᠠᠷ᠎ᠠ ᠶᠢᠨ 21
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ