ᠨᠡᠪᠲᠡᠷᠡᠨ ᠤᠷᠤᠬᠤ
ᠠᠩᠬ᠎ᠠ ᠳᠤᠮᠳᠠᠳᠤ ᠶᠢᠨ ᠮᠤᠩᠭᠤᠯ ᠬᠡᠯᠡ ᠪᠢᠴᠢᠭ᠌ ᠤᠨ ᠬᠢᠴᠢᠶᠡᠯᠯᠡᠭᠡ ᠳᠤ ᠤᠷᠤᠰᠢᠵᠤ ᠪᠠᠢ᠌ᠭ᠎ᠠ ᠠᠰᠠᠭᠤᠳᠠᠯ ᠪᠠ ᠲᠡᠭᠦᠨ ᠢ ᠬᠡᠷᠬᠢᠨ ᠰᠢᠢᠳᠪᠦᠷᠢᠯᠡᠬᠦ ᠲᠤᠬᠠᠢ ᠮᠦᠴᠢᠳ ᠦᠭᠦᠯᠡᠬᠦ ᠨᠢ

ᠣᠯᠤᠰ ᠳᠠᠶᠠᠭᠠᠷ ᠶᠠᠪᠣᠭᠳᠠᠵᠤ ᠪᠠᠢ᠌ᠭ᠎ᠠ ᠭᠢᠴᠢᠶᠡᠯᠯᠡᠭᠡ ᠶᠢᠨ ᠥᠭᠡᠷᠡᠴᠢᠯᠡᠯᠳᠡ ᠶᠢ ᠳᠠᠭᠠᠯᠳᠤᠨ ᠮᠤᠩᠭ᠋ᠤᠯ ᠭᠡᠯᠡ ᠪᠢᠴᠢᠭ᠌ ᠤᠨ ᠥᠭᠡᠷᠡᠴᠢᠯᠡᠯᠳᠡ ᠪᠠᠰᠠ ᠡᠷᠴᠢᠮ ᠲᠡᠶ ᠰᠠᠢ᠌ᠬᠠᠨ ᠶᠠᠪᠣᠭᠳᠠᠵᠤ ᠪᠠᠢ᠌ᠨ᠎ᠠ᠃ ᠰᠤᠷᠭᠠᠨ ᠭᠦᠮᠦᠵᠢᠯ ᠵᠢᠭᠠᠨ ᠰᠤᠷᠭᠠᠯᠳᠠ ᠶᠢᠨ ᠠᠯᠢᠪᠠ ᠠᠵᠢᠯ ᠴᠦᠮ ᠰᠤᠷᠤᠭᠴᠢ ᠪᠣᠯᠭᠠᠨ ᠤ ᠭᠦᠭ᠍ᠵᠢᠯᠳᠡ ᠶᠢᠨ ᠳᠦᠯᠦᠭᠡ᠂ ᠰᠤᠷᠤᠭᠴᠢ ᠶᠢ ᠶᠤᠰᠤ ᠰᠤᠷᠳᠠᠬᠤᠨ᠂ ᠣᠶᠤᠨ ᠣᠬᠠᠭᠠᠨ᠂ ᠪᠠᠶ᠎ᠠ ᠮᠠᠬᠠᠪᠣᠤᠨ᠂ ᠭᠤᠸ᠎ᠠ ᠰᠠᠢ᠌ᠬᠠᠨ᠂ ᠭᠦᠳᠡᠯᠮᠦᠷᠢ ᠭᠡᠭᠦ ᠮᠠᠳᠤ ᠪᠦᠭᠦ ᠳᠠᠯ᠎ᠠ ᠪᠠᠷ ᠭᠦᠭ᠍ᠵᠢᠭ᠍ᠰᠡᠨ ᠭᠡᠷᠡᠭ᠍ᠴᠡᠭᠡ ᠲᠡᠶ ᠴᠢᠳᠠᠪᠣᠷᠢᠳᠠᠨ ᠪᠣᠯᠭᠠᠬᠤ ᠭᠡᠵᠤ ᠴᠢᠷᠮᠠᠢ᠌ᠵᠤ ᠪᠠᠢ᠌ᠭ᠎ᠠ ᠴᠠᠭ ᠡᠷᠢᠨ ᠳᠤ ᠮᠠᠨ ᠤ ᠮᠤᠩᠭ᠋ᠤᠯ ᠭᠡᠯᠡ ᠪᠢᠴᠢᠭ᠌ ᠤᠨ ᠵᠢᠭᠠᠨ ᠰᠤᠷᠭᠠᠯᠳᠠ ᠳᠤ ᠪᠠᠭ᠎ᠠ ᠪᠣᠰᠤ ᠶᠢᠨ ᠠᠰᠠᠭᠤᠳᠠᠯ ᠣᠷᠤᠰᠢᠵᠤ ᠪᠠᠢ᠌ᠨ᠎ᠠ᠂ ᠳᠤᠤᠷ᠎ᠠ ᠪᠢ ᠬᠤᠶᠠᠷ ᠳᠠᠯ᠎ᠠ ᠡᠴᠡ ᠳᠦᠭᠦᠮᠭᠡᠨ ᠶᠠᠷᠢᠶ᠎ᠠ᠃

ᠨᠢᠭᠡ᠂ ᠪᠠᠭᠰᠢ ᠶᠢᠨ ᠵᠢᠭᠠᠨ ᠰᠤᠷᠭᠠᠯᠳᠠ ᠶᠢᠨ ᠳᠠᠯ᠎ᠠ ᠡᠴᠡ ᠦᠵᠡᠪᠠᠯ᠄

ᠣᠯᠠᠨ ᠣᠳᠠᠭ᠎ᠠ ᠶᠢᠨ ᠭᠢᠴᠢᠶᠠᠯ ᠰᠤᠨᠤᠰᠤᠭᠰᠠᠨ ᠪᠠᠢ᠌ᠳᠠᠯ᠂ ᠡᠩ ᠤᠨ ᠴᠠᠭ ᠤᠨ ᠪᠠᠢ᠌ᠴᠠᠭᠠᠯᠳᠠ ᠪᠠ ᠪᠠᠭᠰᠢ ᠨᠡᠷ ᠲᠡᠶ ᠨᠢᠭᠤᠷᠳᠠᠨ ᠶᠠᠷᠢᠯᠴᠠᠭᠰᠠᠨ ᠪᠠᠢ᠌ᠳᠠᠯ ᠢ ᠦᠨᠳᠦᠰᠦᠯᠠᠪᠠᠯ᠂ ᠠᠭᠢᠮᠠᠭ ᠨᠠᠰᠤᠨ ᠤ ᠵᠠᠷᠢᠮ ᠪᠠᠭᠰᠢ ᠮᠦᠨ ᠴᠤ ᠣᠯᠠᠮᠵᠢᠯᠠᠯᠳᠤ ᠵᠢᠭᠠᠬᠤ ᠠᠷᠭ᠎ᠠ ᠪᠠᠨ ᠪᠠᠷᠢᠮᠳᠠᠯᠠᠭᠰᠠᠭᠠᠷ᠃ ᠵᠠᠯᠠᠭᠤ ᠪᠠᠭᠰᠢ ᠨᠡᠷ ᠭᠡᠳᠥᠢᠪᠠᠷ ᠰᠢᠨ᠎ᠡ ᠮᠠᠶ‍ᠢᠭ ᠤᠨ ᠵᠢᠭᠠᠬᠤ ᠠᠷᠭ᠎ᠠ ᠶᠢ ᠭᠡᠷᠡᠭᠯᠡᠵᠤ ᠪᠠᠢ᠌ᠭ᠎ᠠ ᠪᠣᠯᠪᠠᠴᠤ ᠳᠤᠰ ᠪᠠᠶ᠎ᠠ ᠶᠢᠨ ᠭᠢᠨ ᠭᠢᠷᠢ ᠲᠦᠪᠰᠢᠨ ᠦᠨᠳᠦᠷ ᠪᠢᠰᠢ ᠪᠣᠶᠤ ᠵᠢᠭᠠᠨ ᠰᠤᠷᠭᠠᠬᠤ ᠳᠤᠷᠰᠢᠯᠭ᠎ᠠ ᠳᠤᠳᠠᠮᠠᠭ ᠡᠴᠡ ᠪᠣᠯᠵᠤ ᠰᠤᠷᠤᠭᠴᠢᠳ ᠲᠤ ᠭᠡᠯᠡ ᠪᠢᠴᠢᠭ᠌ ᠤᠨ ᠮᠡᠳᠡᠯᠭᠡ ᠨᠤᠭᠦᠳ ᠢ ᠦᠨᠡᠨ ᠭᠦ ᠵᠦᠪ ᠣᠨᠤᠪᠴᠢᠳᠠᠢ ᠪᠦᠷᠢᠨ ᠳᠡᠭᠦᠰ ᠡᠵᠡᠮᠰᠢᠭᠦᠯᠵᠤ ᠳᠠᠢ᠌ᠯᠵᠤ ᠦᠭᠡᠶ ᠥᠵᠡᠭ᠍ᠳᠡᠯ ᠬᠠᠶᠠ ᠭᠠᠷᠴᠤ ᠪᠠᠢ᠌ᠨ᠎ᠠ᠃ ᠪᠠᠰᠠ ᠵᠠᠷᠢᠮ ᠪᠠᠭᠰᠢ ᠨᠢ ᠭᠢᠴᠢᠶᠠᠯ ᠤᠨ ᠣᠷᠤᠯᠳᠤᠭᠠᠨ ᠳᠤ ᠣᠷᠤᠯᠴᠠᠬᠤ ᠪᠠ ᠥᠵᠡᠭᠦᠯᠦᠯᠭᠡ ᠶᠢᠨ ᠭᠢᠴᠢᠶᠠᠯ᠂ ᠨᠡᠭᠡᠭᠡᠯᠳᠡ ᠶᠢᠨ ᠭᠢᠴᠢᠶᠠᠯ ᠶᠠᠪᠣᠭᠳᠠᠭᠤᠯᠬᠤ ᠳᠤ ᠰᠢᠨ᠎ᠡ ᠮᠠᠶ‍ᠢᠭ ᠤᠨ ᠵᠢᠭᠠᠬᠤ ᠠᠷᠭ᠎ᠠ ᠶᠢ ᠭᠡᠷᠡᠭᠯᠡᠵᠤ ᠪᠠᠢ᠌ᠭ᠎ᠠ ᠪᠣᠯᠪᠠᠴᠤ ᠡᠩ ᠤᠨ ᠴᠠᠭ ᠲᠤ ᠪᠠᠨ ᠦᠪᠡᠷ ᠤᠨ ᠣᠷᠤᠵᠤ ᠳᠠᠰᠤᠭᠰᠠᠨ ᠭᠡᠪ ᠮᠠᠶ‍ᠢᠭ ᠶᠢᠡᠷ ᠣᠷᠤᠵᠤ ᠪᠠᠢ᠌ᠬᠤ ᠨᠢ ᠵᠥᠩᠳᠡᠭᠡᠨ ᠬᠠᠷᠠᠭᠳᠠᠵᠤ ᠪᠠᠢ᠌ᠨ᠎ᠠ᠃ ᠡᠭᠦᠨ ᠡᠴᠡ ᠭᠠᠳᠠᠨ᠎ᠠ᠂ ᠳ᠋ᠥ᠋ ᠯᠠᠩ ᠺᠧᠤ ᠪᠠ ᠶᠠᠩ ᠰᠧ ᠰᠤᠷᠭᠠᠭᠤᠯᠢ ᠶᠢᠨ ᠳᠤᠷᠰᠢᠯᠭ᠎ᠠ ᠶᠢ ᠥᠭᠦᠮᠡᠯ ᠶᠢᠡᠷ ᠳᠠᠭᠤᠷᠢᠶᠠᠵᠤ ᠰᠤᠷᠤᠭᠴᠢᠳ ᠤᠨ ᠪᠣᠳᠠᠳᠠᠢ ᠪᠠᠢ᠌ᠳᠠᠯ ᠡᠴᠡ ᠰᠠᠯᠤᠩᠭᠢᠷᠠᠨ (ᠦᠩᠭᠡᠨ ᠳᠠᠯ᠎ᠠ ᠡᠴᠡ ᠨᠢ ᠦᠵᠡᠪᠠᠯ ᠭᠢᠴᠢᠶᠠᠯ ᠤᠨ ᠪᠦᠭᠦᠢᠯᠡ ᠶᠠᠪᠣᠴᠠ ᠨᠠᠯᠢᠶᠠᠤᠨ ᠭᠦᠷ ᠭᠦᠭ᠍ᠵᠢᠶᠡᠨ ᠲᠡᠶ᠂ ᠦᠨᠡᠨ ᠭᠦ ᠳᠤᠰᠬᠠᠢ ᠮᠡᠷᠭᠡᠵᠢᠯ ᠤᠨ ᠡᠭᠦᠳᠡᠨ ᠡᠴᠡ ᠰᠢᠠᠵᠢᠪᠠᠯ ᠰᠤᠷᠤᠯᠭ᠎ᠠ ᠶᠢᠨ ᠭᠢᠷᠢ ᠭᠡᠮᠵᠢᠶ᠎ᠡ ᠰᠠᠢ᠌ᠨ ᠴᠥᠭᠡᠨ ᠳᠤᠭᠠᠨ ᠤ ᠰᠤᠷᠤᠭᠴᠢᠳ ᠲᠤ ᠯᠠ ᠦᠷ᠎ᠡ ᠠᠰᠢᠭ ᠶᠢᠡᠷ ᠦᠨᠳᠦᠷ) ᠰᠤᠷᠤᠭᠴᠢᠳ ᠲᠤ ᠮᠡᠳᠡᠯᠭᠡ ᠡᠵᠡᠮᠰᠢᠭᠦᠯᠭᠦ ᠴᠢᠳᠠᠪᠣᠷᠢ ᠭᠦᠮᠦᠵᠢᠭᠦᠯᠭᠦ ᠳᠠᠯ᠎ᠠ ᠪᠠᠷ ᠭᠦᠷᠦᠯᠴᠡᠭᠦ ᠦᠭᠡᠶ ᠥᠵᠡᠭ᠍ᠳᠡᠯ ᠣᠷᠤᠰᠢᠵᠤ ᠪᠠᠢ᠌ᠨ᠎ᠠ᠃

ᠡᠳᠡᠭᠡᠷ ᠠᠰᠠᠭᠤᠳᠠᠯ ᠢ ᠰᠢ᠌ᠦᠡᠪᠦᠷᠢᠯᠡᠭᠦ ᠭᠡᠪᠠᠯ ᠪᠠᠭᠰᠢ ᠨᠡᠷ ᠤᠨ ᠰᠢᠨ᠎ᠡ ᠭᠢᠴᠢᠶᠠᠯ ᠤᠨ ᠥᠭᠡᠷᠡᠴᠢᠯᠡᠯᠳᠡ ᠶᠢᠨ ᠳᠤᠬᠠᠢ ᠦᠵᠡᠯᠳᠠ ᠳᠠᠨᠢᠯᠳᠠ ᠶᠢ ᠨᠢ ᠦᠨᠳᠦᠰᠦᠨ ᠡᠴᠡ ᠨᠢ ᠬᠤᠪᠢᠷᠠᠭᠤᠯᠬᠤ ᠶᠢᠨ ᠳᠠᠭᠠᠤ ᠣᠯᠠᠨ ᠳᠠᠯ᠎ᠠ ᠶᠢᠨ ᠮᠡᠳᠡᠯᠭᠡ ᠶᠢ ᠰᠢᠨᠡᠳᠭᠡᠭᠦᠯᠭᠦ ᠴᠢᠬᠤᠯᠠ ᠲᠡᠶ᠃

ᠪᠠᠭᠰᠢ ᠨᠡᠷ ᠤᠨ ᠵᠢᠭᠠᠨ ᠰᠤᠷᠭᠠᠯᠳᠠ ᠶᠢᠨ ᠦᠵᠡᠯᠳᠠ ᠳᠠᠨᠢᠯᠳᠠ ᠨᠢ ᠰᠢᠨ᠎ᠡ ᠭᠢᠴᠢᠶᠠᠯ ᠤᠨ ᠥᠭᠡᠷᠡᠴᠢᠯᠡᠯᠳᠡ ᠶᠢᠨ ᠱᠠᠭᠠᠷᠳᠠᠯᠭ᠎ᠠ ᠶᠢ ᠳᠠᠭᠠᠵᠤ ᠠᠮᠵᠢᠨ ᠰᠢᠨ᠎ᠡ ᠭᠢᠴᠢᠶᠠᠯ ᠤᠨ ᠥᠭᠡᠷᠡᠴᠢᠯᠡᠯᠳᠡ ᠶᠢᠨ ᠦᠨᠳᠦᠰᠦᠨ ᠣᠨᠤᠯᠵᠢᠭᠤᠨ ᠢ ᠪᠠᠳᠤᠳᠠᠢ ᠭᠦᠢᠴᠡᠳ ᠣᠢ᠌ᠯᠠᠭᠠᠭᠰᠠᠨ ᠪᠠᠢ᠌ᠪᠠᠯ ᠵᠤᠭᠢᠨ᠎ᠠ᠃ ᠨᠢᠭᠡ ᠪᠠᠭᠰᠢ ᠭᠦᠮᠤᠨ ᠥᠷᠭᠡᠨ ᠳᠡᠯᠭᠡᠷ ᠣᠨᠤᠯ ᠤᠨ ᠮᠡᠳᠡᠯᠭᠡ ᠪᠠᠢ᠌ᠬᠤ ᠪᠠᠷ ᠪᠠᠷᠠᠬᠤ ᠦᠭᠡᠶ ᠵᠢᠭᠠᠬᠤ ᠠᠵᠢᠯ ᠳᠤ ᠪᠠᠨ ᠭᠦᠨ ᠭᠦᠡᠵᠡᠭᠡᠢ ᠬᠠᠢ᠌ᠷ᠎ᠠ ᠰᠡᠳᠬᠢᠯᠭᠡ ᠪᠠ ᠬᠠᠷᠢᠭᠤᠴᠠᠯᠭᠠᠳᠤ ᠣᠪᠣᠷ ᠪᠠᠢ᠌ᠬᠤ ᠭᠡᠷᠡᠭ᠍ᠳᠡᠢ᠃ ᠵᠢᠭᠠᠨ ᠰᠤᠷᠭᠠᠯᠳᠠ ᠶᠢᠨ ᠦᠵᠡᠯᠳᠠ ᠳᠠᠨᠢᠯᠳᠠ ᠳᠤᠳᠤ ᠦᠭᠡᠶ᠂ ᠬᠭᠤᠴᠢᠨ ᠶᠢᠡᠨ ᠪᠠᠷᠢᠮᠳᠠᠯᠠᠬᠤ ᠪᠣᠶᠤ ᠰᠢᠨ᠎ᠡ ᠮᠡᠳᠡᠯᠭᠡ ᠶᠢ ᠪᠠᠶ᠎ᠠ ᠳᠤ ᠪᠠᠨ ᠰᠢᠩᠭᠡᠭᠡᠨ ᠠᠪᠬᠤ ᠦᠭᠡᠶ ᠪᠣᠯ ᠭᠢᠴᠢᠶᠡᠯᠯᠡᠭᠡ ᠶᠢᠨ ᠴᠢᠨᠠᠷ ᠴᠢᠠᠰᠠᠭ᠎ᠠ ᠪᠠ ᠵᠢᠭᠠᠨ ᠰᠤᠷᠭᠠᠯᠳᠠ ᠶᠢᠨ ᠦᠷ᠎ᠡ ᠠᠰᠢᠭ ᠳᠡᠭᠡᠭ᠍ᠰᠢᠯᠡᠵᠤ ᠳᠡᠢ᠌ᠯᠭᠦ ᠦᠭᠡᠶ ᠪᠠᠢ᠌ᠳᠠᠭ᠂ ᠪᠠᠭᠰᠢ ᠶᠢᠨ ᠦᠵᠡᠯᠳᠠ ᠳᠠᠨᠢᠯᠳᠠ ᠶᠢᠨ ᠭᠢᠷᠢ ᠭᠡᠮᠵᠢᠶ᠎ᠡ ᠨᠡᠮᠡᠭ᠍ᠳᠡᠭᠦ ᠶᠢ ᠳᠠᠭᠠᠯᠳᠤᠨ ᠰᠤᠷᠤᠭᠴᠢ ᠶᠢ ᠭᠦᠮᠦᠵᠢᠭᠦᠯᠭᠦ ᠠᠷᠭ᠎ᠠ ᠠᠪᠴᠠᠯ᠂ ᠭᠢᠴᠢᠶᠠᠯ ᠣᠷᠤᠬᠤ ᠴᠢᠨᠠᠷ ᠴᠢᠠᠰᠠᠭ᠎ᠠ ᠨᠢ ᠳᠡᠭᠡᠭ᠍ᠰᠢᠯᠡᠳᠡᠭ᠌᠃ ᠦᠵᠡᠯᠳᠠ ᠳᠠᠨᠢᠯᠳᠠ ᠶᠢᠨ ᠭᠢᠷᠢ ᠭᠡᠵᠢᠶ᠎ᠡ ᠪᠠᠨ ᠳᠡᠭᠡᠭ᠍ᠰᠢᠯᠡᠭᠦᠯᠭᠦ ᠶᠢᠨ ᠳᠠᠭᠠᠤ ᠮᠡᠳᠡᠯᠭᠡ ᠶᠢᠨ ᠰᠢᠰᠲ᠋ᠸᠮ ᠶᠢᠡᠨ ᠰᠢᠨᠡᠳᠭᠡᠭᠦ ᠴᠢᠬᠤᠯᠠ ᠲᠡᠶ᠃ ᠮᠤᠩᠭ᠋ᠤᠯ ᠭᠡᠯᠡᠨ ᠤ ᠪᠠᠭᠰᠢ ᠪᠣᠯᠤᠭᠰᠠᠤᠨ ᠳᠠᠩ ᠭᠠᠭᠴᠠ ᠰᠤᠷᠴᠤ ᠥᠩᠭᠡᠷᠡᠭ᠍ᠰᠡᠨ ᠭᠡᠯᠡ ᠪᠢᠴᠢᠭ᠌ ᠤᠨ ᠳᠤᠰᠬᠠᠢ ᠮᠡᠷᠭᠡᠵᠢᠯ ᠤᠨ ᠣᠨᠤᠯ ᠢ ᠯᠠ ᠮᠡᠳᠡᠭᠡᠤᠨ ᠪᠣᠯᠬᠤ ᠪᠢᠰᠢ᠂ ᠬᠠᠷᠢᠨ ᠣᠯᠠᠨ ᠳᠠᠯ᠎ᠠ ᠶᠢᠨ ᠰᠤᠷᠠᠭ ᠵᠠᠩᠭᠢ ᠶᠢ ᠥᠷᠭᠦᠯᠵᠢᠯᠡᠨ ᠠᠩᠬᠠᠷᠤᠯ ᠳᠤ ᠪᠠᠨ ᠠᠪᠤᠨ ᠰᠤᠩᠭ᠋ᠤᠯᠳᠠ ᠲᠡᠶ ᠪᠠᠷ ᠪᠠᠶ᠎ᠠ ᠳᠤ ᠪᠠᠨ ᠰᠢᠩᠭᠡᠭᠡᠨ ᠮᠡᠳᠡᠯᠭᠡ ᠶᠢᠨ ᠭᠦᠷᠢᠶ᠎ᠡ ᠭᠡᠪᠴᠢᠶ᠎ᠡ ᠪᠠᠨ ᠦᠷᠭᠡᠳᠭᠡᠭᠦ ᠭᠡᠷᠡᠭ᠍ᠳᠡᠢ᠃ ᠪᠣᠳᠠᠳᠠᠢ ᠳᠤᠷᠠᠤᠠᠪᠠᠯ᠂ ᠳᠤᠤᠷ ᠰᠦᠯᠵᠢᠶᠠᠨ ᠤ ᠳᠤᠬᠠᠢ ᠵᠤᠭᠢᠬᠤ ᠮᠡᠳᠡᠯᠭᠡ ᠶᠢ ᠪᠣᠯᠪᠠᠰᠤᠷᠠᠩᠭ᠋ᠤᠢ ᠡᠵᠡᠮᠰᠢᠭ᠍ᠰᠡᠨ ᠪᠠᠢ᠌ᠬᠤ ᠭᠡᠷᠡᠭ᠍ᠳᠡᠢ᠃ ᠳᠤᠤᠷ ᠰᠦᠯᠵᠢᠶᠠᠨ ᠡᠴᠠ ᠣᠯᠠᠨ ᠮᠡᠳᠡᠯᠭᠡ ᠶᠢ ᠰᠤᠷᠤᠨ᠎ᠠ᠂ ᠦᠪᠡᠷ ᠤᠨ ᠮᠡᠳᠡᠭᠦ ᠦᠭᠡᠶ ᠴᠢᠳᠠᠬᠤ ᠦᠭᠡᠶ ᠵᠣᠢ᠌ᠯᠠᠰ ᠶᠢᠡᠨ ᠳᠤᠤᠷ ᠰᠦᠯᠵᠢᠶᠠᠨ ᠡᠴᠠ ᠪᠠᠭᠤᠯᠭᠠᠨ ᠠᠪᠴᠤ ᠭᠢᠴᠢᠶᠠᠯ ᠭᠦᠮᠦᠵᠢᠯ ᠳᠤ ᠪᠠᠨ ᠥᠢᠯᠡᠴᠢᠯᠡᠭᠦᠯᠤᠨ᠎ᠡ᠂ ᠣᠳᠤᠭᠢᠴᠢᠯᠠᠭᠰᠠᠨ ᠵᠢᠭᠠᠬᠤ ᠭᠡᠷᠡᠭ᠍ᠰᠡᠯ ᠢ ᠪᠣᠯᠪᠠᠰᠤᠷᠠᠩᠭ᠋ᠤᠢ ᠭᠡᠷᠡᠭᠯᠡᠨ ᠵᠢᠭᠠᠨ ᠰᠤᠷᠭᠠᠯᠳᠠ ᠳᠤ ᠪᠠᠨ ᠠᠰᠢᠭᠯᠠᠵᠤ ᠴᠢᠳᠠᠬᠤ ᠭᠡᠷᠡᠭ᠍ᠳᠡᠢ᠃ ᠣᠯᠠᠨ ᠵᠠᠭᠤᠴᠢᠳᠤ ᠭᠡᠷᠡᠭ᠍ᠰᠡᠯ ᠢ ᠭᠢᠴᠢᠶᠠᠯ ᠤᠨ ᠳᠠᠩᠭᠢᠮ ᠳᠤ ᠳᠤᠭᠢᠷᠠᠮᠵᠢᠳᠠᠢ ᠠᠰᠢᠭᠯᠠᠪᠠᠯ ᠰᠤᠷᠤᠭᠴᠢᠳ ᠤᠨ ᠣᠷᠮ᠎ᠠ ᠪᠠᠬ᠎ᠠ ᠪᠣᠶᠤ ᠠᠩᠬᠠᠷᠤᠯ ᠢ ᠵᠤᠭᠢᠬᠤ ᠭᠡᠮᠵᠢᠶ᠎ᠡ ᠪᠠᠷ ᠳᠠᠳᠠᠵᠤ ᠴᠢᠳᠠᠬᠤ ᠮᠥᠷᠳᠡᠭᠡᠨ ᠭᠢᠴᠢᠶᠠᠯ ᠤᠨ ᠴᠠᠭ ᠲᠤ ᠴᠤ ᠠᠷᠪᠢᠳᠠᠢ ᠶᠤᠮ᠃ ᠡᠭᠦᠨ ᠡᠴᠠ ᠭᠠᠳᠠᠨ᠎ᠠ᠂ ᠭᠠᠵᠠᠷ ᠵᠦᠢ᠌ ᠶᠢᠨ ᠮᠡᠳᠡᠯᠭᠡ᠂ ᠳᠡᠦᠭᠡ ᠶᠢᠨ ᠮᠡᠳᠡᠯᠭᠡ᠂ ᠣᠠᠴᠠᠭᠠᠢ᠌ᠯᠠᠨ ᠮᠤᠩᠭ᠋ᠤᠯ ᠳᠡᠦᠭᠡ ᠶᠢᠨ ᠮᠡᠳᠡᠯᠭᠡ ᠪᠠ ᠮᠤᠩᠭ᠋ᠤᠯ ᠵᠠᠩ ᠣᠢ᠌ᠯᠠ ᠶᠢᠨ ᠮᠡᠳᠡᠯᠭᠡ ᠲᠡᠶ ᠪᠠᠢ᠌ᠬᠤ ᠨᠢ ᠨᠠᠩ ᠴᠢᠬᠤᠯᠠ ᠶᠤᠮ᠃

ᠬᠤᠶᠠᠷ᠂ ᠰᠤᠷᠤᠭᠴᠢ ᠶᠢᠨ ᠳᠠᠯ᠎ᠠ ᠡᠴᠠ ᠠᠪᠴᠤ ᠭᠡᠯᠡᠪᠠᠯ᠄

ᠣᠷᠴᠢᠮ ᠤᠨ ᠵᠢᠯ ᠤᠳ ᠲᠤ ᠠᠩᠬ᠎ᠠ ᠳᠤᠮᠳᠠᠳᠤ ᠶᠢᠨ ᠰᠤᠷᠤᠭᠴᠢᠳ ᠤᠨ ᠭᠡᠯᠡ ᠪᠢᠴᠢᠭ᠌ ᠤᠨ ᠭᠢᠷᠢ ᠭᠡᠮᠵᠢᠶ᠎ᠡ ᠵᠢᠯ ᠶᠠᠪᠣᠬᠤ ᠳᠤᠳᠤᠮ ᠳᠤᠷᠤᠭᠰᠢᠯᠠᠵᠤ ᠪᠠᠢ᠌ᠨ᠎ᠠ᠂ ᠪᠣᠳᠠᠳᠠᠢ ᠢᠯᠠᠷᠠᠯ ᠨᠢ᠄ ᠳᠠᠰᠢᠶ᠎ᠠ ᠪᠢᠴᠢᠯᠭᠡ ᠣᠯᠠᠨ᠂ ᠣᠩᠰᠢᠯᠭ᠎ᠠ ᠣᠷᠤᠰᠤᠮ᠎ᠠ ᠪᠣᠰᠤ᠂ ᠭᠡᠯᠡᠵᠤ ᠶᠠᠷᠢᠬᠤ ᠴᠢᠳᠠᠪᠣᠷᠢ ᠳᠤᠷᠤᠢ᠂ ᠨᠠᠢ᠌ᠷᠠᠭᠤᠯᠵᠤ ᠵᠤᠭᠢᠶᠠᠬᠤ ᠨᠢ ᠭᠦᠰᠢᠭᠦᠨ᠂ ᠴᠡᠭᠡᠵᠢᠯᠡᠭᠦ ᠳᠤ ᠭᠦᠴᠢᠷᠳᠡᠭᠦ᠃ ᠡᠨᠡ ᠨᠢ ᠴᠠᠭ ᠦᠶ᠎ᠡ᠂ ᠨᠡᠢ᠌ᠭᠡᠮ᠂ ᠭᠡᠷ ᠪᠦᠯᠢ ᠶᠢᠨ ᠨᠥᠯᠦᠭᠡᠯᠡᠯ ᠢ ᠭᠦᠷᠳᠡᠭ᠍ᠰᠡᠨ ᠲᠡᠶ ᠪᠠᠭ᠎ᠠ ᠪᠣᠰᠤ ᠶᠢᠨ ᠬᠠᠷᠢᠴᠠᠭ᠎ᠠ ᠲᠡᠶ ᠪᠠᠢ᠌ᠳᠠᠭ᠃ ᠪᠣᠳᠠᠳᠠᠢ ᠳᠤᠷᠠᠤᠠᠪᠠᠯ ᠣᠳᠤ ᠶᠢᠨ ᠭᠡᠷ ᠤᠨ ᠠᠬᠠᠮᠠᠤᠨ ᠭᠡᠦᠭᠡᠤᠨ ᠶᠢᠡᠨ᠄ 《ᠠᠩᠭ᠍ᠯᠢ ᠭᠡᠯᠡ ᠪᠠᠨ ᠰᠠᠢ᠌ᠨ ᠰᠤᠷ ᠡ᠂ ᠳᠡᠯᠡᠭᠡᠢ ᠶᠢᠨ ᠭᠡᠯᠡ ᠶᠤᠮ ᠰᠢᠤ》 ᠭᠡᠵᠤ ᠰᠠᠢ᠌ᠨ ᠰᠤᠷᠭᠠᠬᠤ ᠪᠠᠷ ᠱᠠᠭᠠᠷᠳᠠᠵᠤ ᠭᠢᠴᠢᠶᠠᠯ ᠤᠨ ᠭᠠᠳᠠᠭᠤᠷ ᠵᠢᠯᠤᠭᠤᠳᠤᠭᠤᠯᠵᠤ᠂ 《ᠭᠢᠳᠠᠤᠨ ᠭᠡᠯᠡ ᠪᠣᠯ ᠣᠯᠤᠰ ᠤᠨ ᠭᠡᠯᠡ ᠶᠤᠮ ᠡ᠂ ᠰᠠᠢ᠌ᠨ ᠰᠤᠷᠬᠤ ᠦᠭᠡᠶ ᠪᠣᠯ ᠬᠤᠵᠢᠮ ᠠᠵᠢᠯ ᠤᠨ ᠪᠠᠢ᠌ᠷᠢ ᠳᠤ ᠭᠠᠷᠪᠠᠯ ᠭᠠᠴᠢᠭᠳᠡᠨ᠎ᠡ》 ᠭᠡᠵᠤ ᠭᠢᠳᠠᠤᠨ ᠭᠡᠯᠡ ᠰᠤᠷᠬᠤ ᠶᠢ ᠴᠢᠬᠤᠯᠠᠴᠢᠯᠠᠳᠠᠭ ᠡᠴᠡ ᠪᠢᠰᠢ ᠦᠨᠳᠦᠰᠦᠳᠠᠨ ᠤ ᠭᠡᠯᠡ ᠪᠠᠨ ᠰᠠᠢ᠌ᠨ ᠰᠤᠷ ᠭᠡᠵᠤ ᠭᠡᠯᠡᠭ᠍ᠰᠡᠨ ᠢ ᠶᠠᠷᠤ ᠨᠢ ᠣᠯᠵᠤ ᠰᠤᠨᠤᠰᠤᠭ᠎ᠠ ᠦᠭᠡᠶ᠃ ᠵᠠᠷᠢᠮ ᠭᠡᠷ ᠤᠨ ᠠᠠᠭᠮᠠᠤᠨ ᠭᠡᠦᠭᠡᠤᠨ ᠶᠢᠡᠨ ᠭᠡᠦᠭᠡᠤᠨ ᠤᠨ ᠴᠡᠴᠡᠷᠯᠢᠭ᠌ ᠡᠴᠡ ᠪᠣᠶᠤ ᠪᠠᠭ᠎ᠠ ᠰᠤᠷᠭᠠᠭᠤᠯᠢ ᠶᠢᠨ ᠦᠶ᠎ᠡ ᠡᠴᠡ ᠪᠠᠢ᠌ᠷᠢᠯᠠᠭᠤᠯᠴᠢᠬᠠᠳᠠᠭ ᠡᠴᠡ ᠡᠩ ᠤᠨ ᠴᠠᠭ ᠤᠨ ᠠᠮᠢᠳᠤ ᠶᠠᠷᠢᠶᠠᠨ ᠤ ᠭᠡᠯᠡᠯᠭᠡ ᠶᠢ ᠣᠯᠵᠤ ᠰᠤᠨᠤᠰᠬᠤ ᠭᠡᠯᠡᠨ ᠤ ᠣᠷᠴᠢᠨ ᠠᠯᠠᠭ᠎ᠠ ᠪᠣᠯᠴᠢᠬᠠᠵᠠᠢ᠃ ᠭᠢᠴᠢᠶᠠᠯ ᠤᠨ ᠵᠠᠪᠰᠠᠷ ᠴᠤ ᠭᠡᠮᠵᠢᠶ᠎ᠡ ᠲᠡᠶ ᠰᠤᠷᠤᠭᠰᠠᠨ ᠭᠡᠳᠤᠨ ᠭᠢᠳᠠᠤᠨ ᠥᠭᠡ ᠪᠠᠷ ᠶᠢᠡᠨ ᠬᠠᠷᠢᠯᠴᠠᠭᠠᠨ ᠤ ᠪᠠᠭᠠᠵᠢ ᠪᠣᠯᠭᠠᠳᠠᠭ᠃ ᠡᠨᠡ ᠨᠢ ᠰᠤᠷᠤᠭᠴᠢᠳ ᠤᠨ ᠭᠡᠯᠡᠨ ᠤ ᠮᠠᠳᠠᠷᠠᠮᠵᠢ ᠮᠠᠭᠤᠵᠢᠷᠠᠵᠤ ᠪᠠᠢ᠌ᠬᠤ ᠶᠢᠨ ᠨᠢᠭᠡ ᠰᠢᠯᠳᠠᠭᠠᠨ ᠪᠣᠯᠤᠨ᠎ᠠ᠃ ᠭᠡᠯᠡᠨ ᠤ ᠮᠠᠳᠠᠷᠠᠮᠵᠢ ᠶᠢᠨ ᠰᠠᠢ᠌ᠨ ᠡᠰᠡᠭᠦ ᠨᠢ ᠭᠡᠯᠡ ᠪᠢᠴᠢᠭ᠌ ᠤᠨ ᠪᠣᠰᠤᠳ ᠴᠢᠳᠠᠪᠣᠷᠢ ᠶᠢ ᠰᠢᠭᠤᠳ ᠨᠥᠯᠦᠭᠡᠯᠡᠳᠡᠭ᠌᠃ ᠳᠡᠭᠡᠪᠠᠯ ᠡᠨᠡᠭᠦ ᠬᠠᠷᠢ ᠭᠡᠯᠡᠨ ᠤ ᠳᠦᠷᠢᠯᠳᠠ ᠪᠠ ᠡᠭᠡ ᠭᠡᠯᠡ ᠪᠠᠨ ᠬᠠᠢ᠌ᠷᠠᠯᠠᠨ ᠳᠡᠭᠡᠳᠦᠯᠡᠭᠦ ᠣᠬᠠᠮᠰᠠᠷ ᠳᠤᠷᠤᠢ᠂ ᠭᠡᠯᠡᠨ ᠤ ᠣᠷᠴᠢᠨ ᠮᠠᠭᠤᠳᠠᠵᠤ ᠪᠠᠢ᠌ᠭ᠎ᠠ ᠳᠦᠭᠡᠮᠡᠯ ᠠᠰᠠᠭᠤᠳᠠᠯ ᠢ ᠮᠠᠨ ᠤ ᠮᠤᠩᠭ᠋ᠤᠯ ᠭᠡᠯᠡᠨ ᠤ ᠪᠠᠭᠰᠢ ᠨᠡᠷ ᠭᠡᠷᠭᠢᠨ ᠰᠢ᠌ᠤᠠᠪᠣᠷᠢᠯᠠᠪᠠᠯ ᠵᠤᠭᠢᠬᠤ ᠪᠣᠢ ︖

ᠶᠠᠭᠤᠨ ᠤ ᠣᠷᠢᠳ᠂ ᠰᠤᠷᠤᠭᠴᠢᠳ ᠲᠤ ᠦᠨᠳᠦᠰᠦᠳᠠᠨ ᠶᠢᠡᠨ ᠬᠠᠢ᠌ᠷᠢᠯᠠᠬᠤ᠂ ᠭᠡᠯᠡ ᠰᠤᠶᠤᠯ ᠶᠢᠡᠨ ᠬᠠᠢ᠌ᠷᠠᠯᠠᠬᠤ ᠭᠦᠮᠦᠵᠢᠯ ᠭᠢᠨ᠎ᠡ᠃ ᠰᠤᠷᠤᠭᠴᠢᠳ ᠢ ᠭᠡᠯᠡ ᠰᠤᠶᠤᠯ ᠳᠤ ᠪᠠᠨ ᠬᠠᠢ᠌ᠷ᠎ᠠ ᠲᠡᠶ ᠪᠣᠯᠭᠠᠶ᠎ᠠ ᠭᠡᠪᠠᠯ ᠭᠡᠯᠡ ᠪᠢᠴᠢᠭ᠌ ᠤᠨ ᠪᠠᠭᠰᠢ ᠨᠡᠷ ᠵᠠᠪᠠᠯ ᠦᠪᠡᠷ ᠤᠨ ᠪᠠᠶ᠎ᠠ ᠡᠴᠠ ᠪᠠᠨ ᠭᠠᠷᠳᠠᠨ ᠦᠨᠳᠦᠰᠦᠳᠠᠨ ᠤ ᠦᠪ ᠰᠤᠶᠤᠯ ᠶᠢᠡᠨ ᠬᠠᠢ᠌ᠷᠠᠯᠠᠨ ᠳᠡᠭᠡᠳᠦᠯᠡᠭᠦ ᠦᠵᠡᠯ ᠣᠬᠠᠮᠰᠠᠷ ᠢ ᠪᠣᠢ ᠪᠣᠯᠭᠠᠬᠤ ᠭᠡᠷᠡᠭ᠍ᠳᠡᠢ᠃ ᠦᠪᠡᠷ ᠤᠨ ᠡᠳᠦᠷ ᠳᠤᠳᠤᠮ ᠤᠨ ᠠᠮᠢᠳᠤᠷᠠᠯ ᠳᠤᠮᠳᠠᠭᠢ ᠣᠢ᠌ᠯᠠ ᠠᠵᠢᠯᠯᠠᠭ᠎ᠠ ᠪᠠ ᠥᠭᠡ ᠶᠠᠷᠢᠶ᠎ᠠ ᠪᠠᠷ ᠶᠢᠡᠨ ᠰᠤᠷᠤᠭᠴᠢ ᠶᠢ ᠨᠥᠯᠦᠭᠡᠯᠡᠨ ᠳᠠᠳᠠᠨ ᠢ ᠵᠦᠪ ᠳᠠᠰᠢ ᠭᠦᠳᠦᠯᠤᠨ᠎ᠡ᠃ ᠡᠭᠦᠨ ᠤ ᠬᠠᠮᠳᠤ᠂ ᠭᠡᠷ ᠤᠨ ᠠᠬᠠᠮᠠᠤᠨ ᠤᠨ ᠬᠤᠷᠠᠯ ᠪᠣᠶᠤ ᠡᠩ ᠤᠨ ᠴᠠᠭ ᠤᠨ ᠬᠠᠷᠢᠯᠴᠠᠭᠠᠨ ᠶᠢᠡᠷ ᠳᠠᠮᠵᠢᠨ᠂ ᠭᠡᠷ ᠤᠨ ᠠᠬᠠᠮᠠᠤᠨ ᠲᠤ ᠦᠪᠡᠷ ᠤᠨ ᠦᠨᠳᠦᠰᠦᠳᠠᠨ ᠤ ᠭᠡᠯᠡ ᠪᠠᠷ ᠰᠤᠷᠬᠤ ᠶᠢᠨ ᠠᠰᠢᠭᠳᠠᠢ ᠳᠠᠯ᠎ᠠ ᠶᠢ ᠭᠦᠢᠴᠡᠳ ᠳᠠᠨᠢᠭᠤᠯᠵᠤ᠂ ᠡᠭᠡ ᠭᠡᠯᠡ ᠪᠠᠨ ᠰᠤᠷᠬᠤ ᠶᠢᠨ ᠴᠢᠬᠤᠯᠠ ᠴᠢᠨᠠᠷ ᠢ ᠪᠦᠷᠢᠨ ᠣᠢ᠌ᠯᠠᠭᠠᠭᠤᠯᠤᠨ᠎ᠠ᠃ ᠭᠡᠷ ᠤᠨ ᠠᠬᠠᠮᠠᠤᠨ ᠪᠠ ᠭᠡᠯᠡᠨ ᠤ ᠪᠠᠭᠰᠢ ᠬᠠᠮᠵᠢᠯᠴᠠᠨ ᠰᠤᠷᠤᠭᠴᠢ ᠶᠢ ᠭᠦᠮᠦᠵᠢᠭᠦᠯᠭᠦ ᠠᠵᠢᠯ ᠢ ᠬᠠᠮᠳᠤ ᠪᠠᠷ ᠪᠠᠶᠡᠯᠡᠭᠦᠯᠤᠨ᠎ᠡ᠃

ᠳᠠᠷᠠᠭ᠎ᠠ ᠨᠢ᠂ ᠴᠠᠪᠠᠷ ᠰᠠᠢ᠌ᠬᠠᠨ ᠭᠡᠯᠡᠨ ᠤ ᠣᠷᠴᠢᠨ ᠢ ᠪᠣᠢ ᠪᠣᠯᠭᠠᠬᠤ᠃ ᠡᠭᠦᠨ ᠳᠤ ᠰᠤᠷᠭᠠᠭᠤᠯᠢ ᠶᠢᠨ ᠣᠳᠤᠷᠢᠳᠤᠯᠭ᠎ᠠ ᠲᠡᠶ ᠬᠠᠮᠵᠢᠯᠴᠠᠨ ᠰᠤᠷᠭᠠᠭᠤᠯᠢ ᠶᠢᠨ ᠭᠡᠪᠴᠢᠶᠡᠨ ᠤ ᠭᠡᠯᠡᠨ ᠤ ᠴᠠᠪᠠᠷᠰᠢᠯ ᠢ ᠪᠣᠢ ᠪᠣᠯᠭᠠᠪᠠᠯ ᠨᠠᠩ ᠵᠤᠭᠢᠰᠳᠠᠢ᠃ ᠪᠣᠳᠠᠳᠠᠢ ᠳᠤᠷᠠᠤᠠᠪᠠᠯ᠂ ᠰᠤᠷᠭᠠᠭᠤᠯᠢ ᠶᠢᠨ ᠭᠦᠷᠢᠶᠡᠨ ᠳ᠋ᠠᠭᠢ ᠬᠤᠷᠠᠯ ᠴᠤᠭᠯᠠᠭᠠᠨ ᠤ ᠶᠠᠷᠢᠶ᠎ᠠ᠂ ᠬᠠᠨ᠎ᠠ ᠶᠢᠨ ᠰᠤᠨᠢᠨ᠂ ᠭᠡᠷᠡᠮ ᠬᠠᠨ᠎ᠠ ᠳ᠋ᠠᠭᠢ ᠪᠢᠴᠢᠭᠡᠰᠤ ᠵᠡᠷᠭᠡ ᠶᠢ ᠠᠯᠢ ᠴᠢᠳᠠᠬᠤ ᠪᠠᠷ ᠮᠤᠩᠭ᠋ᠤᠯ ᠶᠢᠡᠷ ᠪᠠᠢ᠌ᠯᠭᠠᠬᠤ ᠭᠡᠯᠡ ᠪᠢᠴᠢᠭ᠌ ᠤᠨ ᠭᠢᠴᠢᠶᠠᠯ ᠤᠨ ᠪᠠᠭᠰᠢ ᠡᠴᠠ ᠪᠣᠰᠤᠳ ᠮᠤᠩᠭ᠋ᠤᠯ ᠶᠢᠡᠷ ᠭᠢᠴᠢᠶᠠᠯᠯᠠᠵᠤ ᠪᠠᠢ᠌ᠭ᠎ᠠ ᠪᠠᠭᠰᠢ ᠨᠡᠷ ᠤᠨ ᠭᠡᠯᠡᠨ ᠤ ᠴᠠᠪᠠᠷᠰᠢᠯ ᠢ ᠰᠤᠷᠭᠠᠭᠤᠯᠢ ᠡᠴᠠ ᠰᠠᠨᠠᠭᠠᠴᠢᠯᠭ᠎ᠠ ᠲᠡᠶ ᠪᠠᠷ ᠱᠠᠭᠠᠷᠳᠠᠵᠤ᠂ ᠳᠠᠳᠠᠨ ᠤ ᠰᠠᠮᠪᠠᠷ᠎ᠠ ᠳ᠋ᠠᠭᠢ ᠳᠠᠰᠢᠶ᠎ᠠ ᠪᠢᠴᠢᠯᠭᠡ ᠶᠢ ᠠᠩᠬᠠᠷᠤᠭᠤᠯᠬᠤ ᠵᠡᠷᠭᠡ ᠠᠷᠭ᠎ᠠ ᠠᠪᠴᠠᠯ ᠢ ᠠᠪᠣᠪᠠᠯ ᠵᠤᠭᠢᠨ᠎ᠠ᠃

ᠡᠭᠦᠨ ᠡᠴᠡ ᠭᠠᠳᠠᠨ᠎ᠠ᠂ ᠰᠤᠷᠤᠭᠴᠢᠳ ᠤᠨ ᠭᠡᠯᠡ ᠪᠢᠴᠢᠭ᠌ ᠰᠤᠷᠬᠤ ᠣᠷᠮᠠᠰ ᠢ ᠨᠢ ᠭᠦᠭ᠍ᠵᠢᠭᠡᠭᠦ ᠭᠡᠷᠡᠭ᠍ᠳᠡᠢ᠃ ᠳᠤᠭᠳᠠᠮᠠᠯ ᠬᠤᠭᠤᠴᠠᠭ᠎ᠠ ᠲᠡᠶ ᠪᠠᠷ ᠠᠩᠭᠢ ᠨᠢᠭᠡᠴᠢ ᠪᠣᠶᠤ ᠰᠤᠷᠭᠠᠭᠤᠯᠢ ᠶᠢᠨ ᠭᠡᠪᠴᠢᠶᠡᠨ ᠤ ᠢᠷᠠᠭᠤ ᠣᠩᠰᠢᠯᠭ᠎ᠠ ᠶᠢᠨ ᠣᠷᠤᠯᠳᠤᠭᠠᠨ᠂ ᠶᠠᠷᠢᠶ᠎ᠠ ᠢᠯᠡᠳᠭᠡᠯ ᠤᠨ ᠣᠷᠤᠯᠳᠤᠭᠠᠨ᠂ ᠮᠡᠳᠡᠯᠭᠡ ᠶᠢᠨ ᠮᠥᠷᠥᠢᠴᠡᠭᠡᠨ ᠵᠡᠷᠭᠡ ᠠᠵᠢᠯᠯᠠᠭᠠᠨ ᠢ ᠥᠷᠨᠢᠭᠦᠯᠦᠨ᠎ᠡ᠂ ᠵᠤᠷᠢᠯᠭ᠎ᠠ ᠲᠡᠶ ᠳᠦᠯᠦᠪᠯᠡᠭᠡ ᠲᠡᠶ ᠪᠠᠷ ᠮᠤᠩᠭ᠋ᠤᠯ ᠨᠤᠮ ᠵᠤᠬᠢᠶᠠᠯ ᠢ ᠣᠩᠰᠢᠭᠤᠯᠤᠨ᠎ᠠ᠂ ᠰᠤᠷᠤᠭᠴᠢᠳ ᠢ ᠠᠮᠢᠳᠤᠷᠠᠯ ᠲᠡᠶ ᠢᠯᠡᠭᠦᠭᠡᠨ ᠣᠢ᠌ᠷᠠᠳᠤᠭᠤᠯᠵᠤ᠂ ᠳᠠᠳᠠᠨ ᠤ ᠠᠵᠢᠭᠯᠠᠵᠤ ᠬᠤᠷᠠᠮᠳᠠᠭᠤᠯᠬᠤ ᠴᠢᠳᠠᠪᠣᠷᠢ ᠶᠢ ᠨᠢ ᠭᠦᠮᠦᠵᠢᠭᠦᠯᠵᠤ ᠶᠠᠷᠢᠶ᠎ᠠ ᠬᠠᠷᠢᠯᠴᠠᠭ᠎ᠠ ᠪᠠ ᠵᠤᠬᠢᠶᠠᠨ ᠪᠢᠴᠢᠭᠦ ᠴᠢᠳᠠᠪᠣᠷᠢ ᠶᠢ ᠨᠢ ᠳᠡᠭᠡᠭ᠍ᠰᠢᠯᠡᠭᠦᠯᠦᠨ᠎ᠡ᠃

ᠳᠡᠭᠡᠷ᠎ᠡ ᠶᠠᠷᠢᠭᠰᠠᠨ ᠪᠣᠯ ᠮᠤᠩᠭ᠋ᠤᠯ ᠭᠡᠯᠡ ᠪᠢᠴᠢᠭ᠌ ᠤᠨ ᠵᠢᠭᠠᠨ ᠰᠤᠷᠭᠠᠯᠳᠠ ᠳᠤ ᠣᠷᠤᠰᠢᠵᠤ ᠪᠠᠢ᠌ᠭ᠎ᠠ ᠠᠰᠠᠭᠤᠳᠠᠯ ᠵᠢᠴᠢ ᠳᠡᠭᠦᠨ ᠢ ᠭᠡᠷᠭᠢᠨ ᠰᠢ᠌ᠦᠡᠪᠦᠷᠢᠯᠡᠭᠦ ᠳᠤᠬᠠᠢ ᠬᠤᠪᠢ ᠭᠦᠮᠤᠨ ᠤ ᠭᠡᠰᠡᠭ᠌ ᠳᠠᠯ᠎ᠠ ᠶᠢᠨ ᠪᠣᠯᠪᠠᠰᠤᠷᠠᠩᠭ᠋ᠤᠢ ᠪᠣᠰᠤ ᠦᠵᠡᠯᠳᠠ ᠳᠠᠳᠤᠢ ᠶᠤᠮ᠂ ᠣᠩᠰᠢᠭᠴᠢ ᠮᠡᠷᠭᠡᠤᠨ ᠤᠨ ᠵᠢᠭᠠᠨ ᠵᠢᠯᠤᠭᠤᠤᠠᠬᠤ ᠶᠢ ᠭᠦᠰᠡᠮᠵᠢᠯᠡᠶ᠎ᠡ ︕


ᠵᠤᠬᠢᠶᠠᠭᠴᠢ ᠶᠢᠨ ᠬᠠᠶ‍ᠢᠭ ᠄ ᠭᠢᠩᠭ᠋ᠠᠨ ᠠᠢ᠌ᠮᠠᠭ ᠤᠨ ᠬᠤᠷᠴᠢᠨ ᠪᠠᠷᠠᠭᠤᠨ ᠭᠠᠷ ᠤᠨ ᠳᠤᠮᠳᠠᠳᠤ ᠬᠤᠰᠢᠭᠤᠨ ᠤ ᠪᠠᠶᠠᠠᠬᠤᠰᠢᠭᠤ ᠳᠦᠷᠪᠠᠳᠦᠭᠡᠷ ᠳᠤᠮᠳᠠᠳᠤ ᠰᠤᠷᠭᠠᠭᠤᠯᠢ


ᠵᠤᠬᠢᠶᠠᠭᠴᠢ᠄ ᠰᠠᠷᠠᠯᠠᠩ
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠪᠠᠭᠰᠢ ᠶᠢᠨ ᠬᠠᠨᠢ
ᠳᠠᠷᠤᠮ᠄ 2745
ᠴᠠᠭ᠄ 2012 ᠤᠨ ᠤ 04 ᠰᠠᠷ᠎ᠠ ᠶᠢᠨ 07
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ