ᠰᠢᠷᠠᠭᠠᠭᠤ ᠭᠦᠳᠡᠯᠮᠦᠷᠢ ᠡᠴᠡ ᠨᠢ ᠡᠯᠪᠠᠭ᠌ ᠦᠷ᠎ᠡ ᠵᠢᠮᠢᠰ ᠳᠡᠭᠦᠵᠢᠩᠨᠡᠨ᠎ᠡ

      ᠦᠨᠳᠦᠷ ᠬᠠᠩᠬᠠᠭᠠᠷ ᠪᠠᠶ᠎ᠠ ᠲᠡᠶ᠂ ᠡᠶᠡᠯᠰᠡᠭ᠌ ᠨᠠᠢ᠌ᠷᠠᠮᠳᠠᠭᠤ ᠵᠠᠩ ᠲᠡᠶ᠂ ᠨᠢᠭᠤᠷ ᠲᠠᠭᠠᠨ ᠢᠨᠢᠶᠠᠳᠤ ᠪᠢᠯᠬᠠᠭᠤᠯᠵᠤ᠂ ᠨᠢᠳᠤᠨ ᠳᠡᠭᠡᠨ ᠴᠤᠭ ᠭᠢᠯᠠᠯᠵᠠᠭᠤᠯᠤᠭᠰᠠᠨ ᠳᠦᠴᠢᠨ ᠨᠠᠰᠤᠨ ᠤ ᠳᠦᠷᠦᠭᠡ ᠶᠢ ᠰᠢᠭᠦᠷᠴᠤ ᠶᠠᠪᠣᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠷᠠᠭᠤᠨ ᠳᠠᠪᠢᠨ ᠰᠤᠷᠭᠠᠭᠤᠯᠢ ᠶᠢᠨ ᠵᠠᠭᠢᠷᠤᠯ ᠹᠦ᠋ ᠱᠠᠨ ᠨᠥᠭᠦᠷ ᠪᠣᠯ ᠰᠢᠷᠭᠠᠭᠤ ᠪᠦᠳᠦᠭᠡᠨ ᠪᠠᠢ᠌ᠭᠤᠯᠤᠯᠳᠠ ᠪᠠᠷ ᠰᠤᠷᠭᠠᠭᠤᠯᠢ ᠪᠠᠨ ᠭᠦᠭ᠍ᠵᠢᠭᠦᠯᠵᠤ᠂ ᠰᠢᠮᠳᠠᠯᠭ᠎ᠠ ᠬᠠᠳᠠᠭᠤ ᠴᠢᠷᠮᠠᠢ᠌ᠯᠭ᠎ᠠ ᠪᠠᠷ ᠰᠤᠷᠤᠭᠴᠢ ᠪᠠᠨ ᠭᠦᠮᠦᠵᠢᠭᠦᠯᠵᠤ ᠠᠵᠢᠯ ᠳᠠᠭᠠᠨ ᠭᠢᠯᠠᠷᠠᠵᠤ᠂ ᠣᠢ᠌ᠯᠠᠰ ᠲᠡᠭᠡᠨ ᠡᠷᠡᠮᠡᠭᠡᠢ᠌ᠯᠡᠨ ᠴᠡᠭᠡᠵᠢ ᠳᠡᠨᠢᠭᠦᠨ᠂ ᠰᠡᠳᠭᠢᠯ ᠬᠠᠩᠬᠠᠯᠤᠭᠤᠨ ᠰᠤᠷᠭᠠᠭᠤᠯᠢ ᠶᠢᠨ ᠬᠠᠮᠢᠶᠠᠷᠤᠯᠳᠠ ᠪᠠᠨ ᠳᠦᠷᠢᠮᠵᠢᠭᠦᠯᠵᠤ ᠪᠠᠢ᠌ᠭ᠎ᠠ ᠰᠢᠯᠢᠳᠡᠭ᠌ ᠵᠠᠭᠢᠷᠤᠯ ᠪᠣᠯᠬᠤ ᠶᠤᠮ ︕   

      ᠪᠦᠯᠭᠦᠮᠳᠡᠯ ᠢ ᠡᠷᠭᠢᠮᠯᠡᠵᠤ᠂ ᠨᠢᠭᠳᠠᠷᠠᠯ ᠢ ᠴᠢᠩᠭ᠋ᠠᠳᠬᠠᠵᠠᠢ᠃   

      ᠰᠤᠷᠭᠠᠭᠤᠯᠢ ᠶᠢᠨ ᠵᠠᠭᠢᠷᠤᠯ ᠪᠣᠯᠤᠭᠰᠠᠨ ᠤ ᠬᠤᠪᠢ ᠳᠤ ᠹᠦ᠋ ᠱᠠᠨ ᠨᠥᠭᠦᠷ ᠦᠪᠡᠷ ᠤᠨ ᠪᠠᠶ᠎ᠠ ᠪᠠᠨ ᠴᠢᠩᠭ᠎ᠠ ᠱᠠᠭᠠᠷᠳᠠᠵᠤ᠂ ᠪᠠᠶ᠎ᠠ ᠪᠠᠷ ᠶᠢᠡᠨ ᠳᠦᠷᠢᠮᠴᠢᠯᠠᠵᠤ ᠠᠵᠢᠯ ᠣᠢ᠌ᠯᠠᠰ ᠲᠡᠭᠡᠨ ᠰᠢᠭᠤᠷᠬᠠᠢ᠌ᠯᠠᠨ᠂ ᠳᠠᠭᠤᠷᠢᠶᠠᠯ ᠤᠨ ᠣᠢ᠌ᠯᠠᠳᠤᠯ ᠢ ᠪᠠᠳᠠᠷᠠᠭᠤᠯᠵᠤ ᠪᠠᠢ᠌ᠳᠠᠭ᠃ ᠬᠤᠪᠢᠨ ᠤ ᠣᠴᠢᠷ ᠶᠢᠡᠷ ᠳᠠᠷᠠ ᠭᠡᠵᠢᠶᠡᠳᠡ ᠴᠢᠯᠦᠭᠡ ᠭᠡᠯᠡᠵᠤ ᠰᠠᠭᠠᠳᠠᠳᠠᠭ ᠦᠭᠡᠶ᠂ ᠭᠠᠳᠠᠭᠰᠢ ᠭᠠᠷᠴᠤ ᠣᠴᠢᠷ ᠶᠠᠪᠣᠳᠠᠯ ᠶᠢᠡᠨ ᠰᠢ᠌ᠤᠠᠪᠣᠷᠢᠯᠠᠵᠤ ᠪᠠᠷᠠᠭᠰᠠᠨ ᠳᠠᠷᠤᠢ ᠰᠤᠷᠭᠠᠭᠤᠯᠢ ᠳᠠᠭᠠᠨ ᠪᠣᠴᠠᠳᠠᠭ ᠵᠠᠩᠰᠢᠯ ᠲᠡᠶ᠃ ᠣᠠᠴᠠᠭᠠᠢ᠌ᠯᠠᠨ ᠣᠳᠤᠷᠢᠳᠬᠤ ᠪᠠᠭ ᠤᠨ ᠪᠦᠯᠭᠦᠮᠳᠡᠯ ᠢ ᠡᠷᠭᠢᠮᠯᠡᠵᠤ ᠰᠤᠷᠭᠠᠭᠠᠯᠢ ᠶᠢᠨ ᠰᠤᠷᠭᠠᠨ ᠭᠦᠮᠦᠵᠢᠯ ᠵᠢᠭᠠᠨ ᠰᠤᠷᠭᠠᠬᠤ ᠠᠵᠢᠯ ᠡᠴᠡ ᠰᠤᠷᠭᠠᠭᠤᠯᠢ ᠶᠢᠨ ᠪᠦᠳᠦᠭᠡᠨ ᠪᠠᠢ᠌ᠭᠤᠯᠤᠯᠳᠠ ᠶᠢᠨ ᠠᠵᠢᠯ ᠭᠦᠷᠳᠡᠯ᠎ᠡ ᠣᠳᠤᠷᠢᠳᠬᠤ ᠪᠠᠭ ᠤᠨ ᠬᠤᠷᠠᠯ ᠶᠢᠡᠷ ᠳᠠᠮᠵᠢᠨ ᠰᠢ᠌ᠤᠠᠪᠣᠷᠢᠯᠠᠵᠤ ᠣᠳᠤᠷᠢᠳᠬᠤ ᠪᠠᠭ ᠤᠨ ᠣᠢ᠌ᠯᠠᠳᠤᠯ ᠢ ᠪᠠᠳᠠᠷᠠᠭᠤᠯᠵᠤ᠂ ᠣᠳᠤᠷᠢᠳᠬᠤ ᠪᠠᠭ ᠤᠨ ᠨᠢᠭᠳᠠᠷᠠᠯ ᠶᠢᠡᠨ ᠴᠢᠩᠭ᠋ᠠᠳᠬᠠᠳᠠᠭ ᠡᠴᠡ ᠣᠳᠤᠷᠢᠳᠬᠤ ᠪᠠᠭ ᠨᠢ 《ᠳᠤᠤᠭᠠᠷᠪᠠᠯ ᠳᠠᠭᠤ ᠨᠢᠭᠡᠳᠡᠢ᠂ ᠳᠤᠭᠳᠤᠷᠪᠠᠯ ᠭᠦᠴᠤ ᠨᠢᠭᠡᠳᠡᠢ》 ᠪᠠᠢ᠌ᠵᠤ᠂ ᠣᠳᠤᠷᠢᠳᠬᠤ ᠪᠠᠭ ᠤᠨ ᠵᠢᠱᠢᠶᠠᠴᠢ ᠣᠢ᠌ᠯᠠᠳᠤᠯ ᠶᠢᠡᠨ ᠭᠦᠢᠴᠡᠳ ᠪᠠᠳᠠᠷᠠᠭᠤᠯᠵᠤ᠂ ᠪᠠᠭᠰᠢ ᠠᠵᠢᠯᠳᠠᠤᠨ ᠲᠠᠭᠠᠨ ᠳᠠᠭᠤᠷᠢᠶᠠᠯ ᠪᠣᠯᠵᠤ᠂ ᠳᠠᠳᠠᠨᠠᠷ ᠶᠢᠡᠨ ᠳᠠᠢ᠌ᠴᠢᠯᠠᠨ ᠳᠠᠭᠠᠭᠤᠯᠵᠤ ᠣᠢ᠌ᠯᠠᠰ ᠤᠨ ᠬᠠᠷᠭᠤᠢ ᠪᠠᠷ ᠢᠳᠡᠷᠭᠦᠨ ᠵᠠᠮᠨᠠᠵᠤ ᠪᠠᠢ᠌ᠨ᠎ᠠ᠃ ᠪᠠᠭᠰᠢ ᠨᠡᠷ ᠤᠨ ᠠᠵᠢᠯ ᠤᠨ ᠰᠢᠷᠡᠭᠡ ᠶᠢ ᠰᠢᠨᠡᠳᠭᠡᠭᠦ ᠳᠤ 60 ᠢᠵᠢ ᠠᠵᠢᠯᠯᠠᠬᠤ ᠰᠢᠷᠡᠭᠡ ᠶᠢ ᠣᠳᠤᠷᠢᠳᠬᠤ ᠪᠠᠭ ᠤᠨ ᠭᠡᠰᠢᠭᠦᠨ ᠨᠢ ᠳᠤᠭᠣᠢ᠌ᠯᠠᠩ ᠤᠨ ᠳᠠᠷᠤᠭ᠎ᠠ ᠶᠢ ᠳᠠᠭᠠᠭᠠᠴᠢᠯᠠᠵᠤ ᠡᠷᠡᠭ᠍ᠳᠡᠢ ᠪᠠᠭᠰᠢ ᠨᠡᠷ ᠶᠢᠡᠨ ᠭᠡᠳᠤᠨ ᠳᠤᠭᠣᠢ᠌ᠯᠠᠩ ᠬᠤᠪᠢᠶᠠᠨ ᠳᠠᠭᠠᠭᠤᠯᠵᠤ ᠠᠵᠢᠯᠯᠠᠭᠠᠤᠨ 2 ᠡᠳᠦᠷ ᠤᠨ ᠮᠠᠷᠠᠢ᠌ᠨ ᠴᠢᠷᠮᠠᠢ᠌ᠯᠭ᠎ᠠ ᠪᠠᠷ ᠱᠠᠯᠠᠪᠳᠠᠨ ᠣᠭᠰᠠᠷᠠᠵᠤ ᠳᠠᠭᠠᠷᠠᠭᠤᠯᠤᠭᠠᠤᠨ ᠠᠰᠢᠭᠯᠠᠯᠳᠠ ᠳᠤ ᠣᠷᠤᠭᠤᠯᠤᠭᠰᠠᠨ ᠪᠠᠢ᠌ᠨ᠎ᠠ᠃ ᠵᠢᠭᠠᠨ ᠰᠤᠷᠭᠠᠬᠤ ᠠᠰᠠᠷ ᠪᠠᠢ᠌ᠭᠤᠯᠤᠭᠳᠠᠭᠰᠠᠨ ᠤ ᠰᠡᠭᠦᠯᠡᠷ ᠭᠦᠸᠸᠯᠤ ᠣᠭᠰᠠᠷᠠᠬᠤ ᠦᠶ᠎ᠡ ᠳᠤ ᠨᠢᠭᠡᠨᠲᠡ12 ᠰᠠᠷ᠎ᠠ ᠶᠢᠨ ᠡᠭᠢ ᠪᠣᠯᠵᠤ ᠭᠦᠷ ᠴᠠᠰᠤᠨ᠎ᠠ ᠵᠠᠭᠢᠷᠤᠯ ᠹᠦ᠋ ᠱᠠᠨ ᠨᠥᠭᠦᠷ ᠠᠷᠤ ᠳᠠᠯ᠎ᠠ ᠶᠢᠨ ᠠᠵᠢᠯᠳᠠᠨ ᠶᠢᠡᠨ ᠳᠠᠭᠠᠭᠤᠯᠤᠨ 2 ᠮᠡᠷᠭᠡᠵᠢᠯᠳᠡᠨ ᠤ ᠵᠢᠯᠤᠭᠤᠳᠤᠯᠭ᠎ᠠ ᠳᠤᠤᠷ᠎ᠠ 10 ᠭᠠᠷᠤᠢ ᠡᠳᠦᠷ ᠠᠮᠠᠷᠠᠯ ᠦᠭᠡᠶ ᠴᠢᠷᠮᠠᠢ᠌ᠨ ᠠᠵᠢᠯᠯᠠᠵᠤ ᠡᠴᠦᠰ ᠲᠡᠭᠡᠨ ᠴᠠᠭ ᠲᠠᠭᠠᠨ ᠠᠵᠢᠯᠯᠠᠬᠤ ᠠᠰᠠᠷ ᠲᠤ ᠨᠡᠭᠦᠨ ᠣᠷᠤᠵᠤ ᠭᠢᠴᠢᠶᠡᠯᠯᠡᠭᠦ ᠶᠢ ᠪᠠᠳᠤᠯᠠᠭᠰᠠᠨ ᠪᠠᠢ᠌ᠨ᠎ᠠ᠃   

      ᠴᠠᠭ ᠲᠤᠬᠢᠶᠠᠯ ᠢ ᠡᠵᠡᠮᠳᠡᠨ ᠰᠤᠷᠭᠠᠭᠤᠯᠢ ᠡᠷᠭᠢᠯᠡᠭᠦ ᠨᠥᠭᠦᠴᠡᠯ ᠶᠢᠡᠨ ᠰᠠᠢ᠌ᠵᠢᠷᠠᠭᠤᠯᠤᠭᠰᠠᠨ ᠪᠠᠢ᠌ᠨ᠎ᠠ᠂   

      《ᠪᠡᠯᠡᠳᠭᠡᠯ ᠲᠡᠶ ᠭᠦᠮᠤᠨ ᠳᠤ ᠲᠤᠬᠢᠶᠠᠯ ᠣᠯᠠᠨ》 ᠭᠡᠳᠡᠭ᠍ᠴᠢᠯᠡᠨ ᠪᠠᠷᠠᠭᠤᠨ ᠳᠠᠪᠢᠨ ᠰᠤᠷᠭᠠᠭᠤᠯᠢ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠤᠯ ᠤᠨ ᠪᠠᠢ᠌ᠰᠢᠩ ᠪᠠᠯᠭᠠᠰᠤᠨ ᠤ ᠪᠠᠷᠠᠭᠤᠨ ᠳᠠᠪᠢᠨ ᠭᠠᠴᠠᠭᠠᠨ ᠳᠤ ᠪᠠᠢ᠌ᠳᠠᠭ ᠭᠠᠴᠠᠭᠠᠨ ᠳᠠᠰ ᠤᠨ ᠰᠤᠷᠭᠠᠭᠤᠯᠢ ᠪᠣᠯᠤᠨ᠎ᠠ᠃ ᠦᠷᠢᠰᠦᠯᠳᠦᠭᠡᠨ ᠶᠡᠭᠡᠳᠡᠢ ᠡᠨᠡ ᠡᠷᠡᠨ ᠳᠤ ᠰᠤᠷᠭᠠᠭᠤᠯᠢ ᠪᠠᠨ ᠭᠡᠷᠭᠢᠨ ᠪᠦᠳᠦᠭᠡᠨ ᠪᠠᠢ᠌ᠭᠤᠯᠵᠤ᠂ ᠶᠠᠭᠠᠭᠢᠨ ᠭᠦᠭ᠍ᠵᠢᠭᠦᠯᠤᠨ᠎ᠡ ︖ ᠡᠨᠡ ᠨᠢ ᠹᠦ᠋ ᠱᠠᠨ ᠨᠥᠭᠦᠷ ᠤᠨ ᠵᠠᠭᠢᠷᠤᠯ ᠪᠣᠯᠤᠭᠰᠠᠨ ᠡᠴᠡ ᠨᠠᠰᠢ ᠦᠷᠭᠦᠯᠵᠢ ᠰᠡᠳᠭᠢᠳᠡᠭ᠌ ᠠᠰᠠᠭᠤᠳᠠᠯ ᠪᠣᠯᠤᠨ᠎ᠠ᠃ ᠳᠡᠭᠡᠭᠡᠳ ᠳᠠᠷᠠ ᠣᠳᠤᠷᠢᠳᠬᠤ ᠪᠠᠭ ᠤᠨ ᠭᠢᠨ ᠶᠢᠡᠨ ᠴᠤᠭᠯᠠᠭᠤᠯᠵᠤ ᠣᠯᠠᠨ ᠤ ᠠᠪᠢᠶᠠᠰ ᠪᠢᠯᠢᠭ᠌ ᠣᠶᠤᠨ ᠣᠬᠠᠭᠠᠨ ᠤ ᠳᠠᠯᠠᠰ ᠪᠣᠯᠤᠭᠰᠠᠨ 《ᠠᠯᠤᠰ ᠭᠦᠭ᠍ᠵᠢᠯᠳᠡ ᠶᠢᠨ ᠲᠦᠯᠦᠪᠵᠢᠭᠦᠯᠦᠯᠭᠡ》 ᠳᠤᠭᠤᠷᠪᠢᠨ ᠰᠤᠷᠭᠠᠭᠤᠯᠢ ᠪᠠᠨ ᠪᠦᠳᠦᠭᠡᠨ ᠪᠠᠢ᠌ᠭᠤᠯᠵᠤ ᠭᠦᠭ᠍ᠵᠢᠭᠦᠯᠭᠦ ᠬᠠᠷᠠᠯᠳᠠ ᠪᠠᠨ ᠳᠤᠭᠳᠠᠭᠠᠭᠰᠠᠨ ᠪᠠᠢ᠌ᠨ᠎ᠠ᠃ 2010 ᠣᠨ ᠳᠤ ᠣᠯᠤᠰ ᠤᠨ ᠰᠤᠷᠭᠠᠭᠤᠯᠢ ᠶᠢᠨ ᠠᠮᠤᠷ ᠲᠦᠪᠰᠢᠨ ᠤ ᠢᠠᠵᠸᠨᠧᠷᠢᠩ ᠳᠤᠮᠳᠠᠳᠤ ᠬᠤᠰᠢᠭᠤᠨ ᠳᠤ ᠶᠠᠪᠣᠭᠳᠠᠬᠤ ᠪᠣᠯᠤᠭᠰᠠᠨ ᠠᠵᠠ ᠲᠤᠬᠢᠶᠠᠯ ᠢ ᠡᠵᠡᠮᠳᠡᠨ ᠬᠤᠰᠢᠭᠤᠨ ᠤ ᠪᠠᠨ ᠰᠤᠷᠭᠠᠨ ᠭᠦᠮᠦᠵᠢᠯ ᠤᠨ ᠳᠤᠪᠴᠢᠶᠠᠨ ᠤ ᠣᠳᠤᠷᠢᠳᠤᠯᠭ᠎ᠠ ᠲᠡᠶ ᠪᠠᠨ ᠭᠦᠳᠡᠯᠦᠩᠭᠦᠢ ᠪᠠᠷ ᠬᠠᠷᠢᠯᠴᠠᠵᠤ᠂ ᠨᠠᠷᠢᠨ ᠵᠦᠪᠯᠠᠯᠴᠠᠵᠤ᠂ ᠨᠢᠭᠳᠠ ᠬᠠᠮᠵᠢᠯᠴᠠᠨ 3028 ᠳᠡᠭ᠍ᠰᠢ ᠳᠦᠷᠪᠠᠯᠵᠢᠨ ᠮᠸᠲ᠋ᠷ ᠤᠨ ᠵᠢᠭᠠᠨ ᠰᠤᠷᠭᠠᠬᠤ ᠠᠰᠠᠷ ᠢ ᠭᠠᠴᠠᠭ᠎ᠠ ᠳᠠᠰ ᠤᠨ ᠰᠤᠷᠭᠠᠭᠤᠯᠢ ᠪᠣᠯᠬᠤ ᠪᠠᠷᠠᠭᠤᠨ ᠳᠠᠪᠢᠨ ᠰᠤᠷᠭᠠᠭᠤᠯᠢ ᠶᠢᠨ ᠭᠦᠷᠢᠶᠡᠨ ᠳᠤ ᠡᠭᠦᠰᠭᠡᠨ ᠪᠠᠢ᠌ᠭᠤᠯᠵᠤ ᠦᠨᠦ ᠨᠢᠭᠡᠨᠲᠡ ᠠᠰᠢᠭᠯᠠᠯᠠᠳᠠ ᠳᠤ ᠣᠷᠤᠭᠤᠯᠤᠭᠠᠤᠨ ᠪᠠᠢ᠌ᠨ᠎ᠠ᠃ ᠭᠡᠷ ᠤᠨ ᠠᠬᠠᠮᠠᠤᠨ ᠨᠡᠷ ᠬᠡᠦᠬᠡᠳ ᠶᠢᠡᠨ ᠰᠤᠷᠭᠠᠭᠤᠯᠢ ᠳᠤ ᠭᠦᠷᠭᠡᠵᠤ ᠢᠷᠡᠭᠦ ᠪᠦᠷᠢ᠄ 《ᠬᠡᠦᠬᠡᠳ ᠤᠳ ᠮᠢᠨᠢ ᠠᠰᠠᠷ ᠲᠤ ᠭᠢᠴᠢᠶᠡᠯᠯᠡᠭᠦ ᠪᠣᠯᠴᠢᠬᠠᠵᠠᠢ᠂ ᠮᠠᠨ ᠤ ᠡ᠊ᠨᠳᠡᠭᠢ ᠰᠤᠷᠭᠠᠭᠤᠯᠢ ᠴᠤ ᠬᠤᠳᠠ ᠶᠢᠨ ᠰᠤᠷᠭᠠᠭᠤᠯᠢ ᠡᠴᠡ ᠳᠤᠤᠷᠠᠳᠤᠬᠤ ᠦᠭᠡᠶ ᠪᠣᠯᠴᠢᠬᠠᠵᠠᠢ᠂ ᠪᠣᠳᠤᠵᠤ ᠦᠵᠡᠪᠠᠯ ᠥᠨᠡᠭᠡᠷ ᠵᠡᠭᠦᠳᠤ ᠵᠡᠷᠭᠡᠯᠭᠡᠨ ᠰᠢᠭ᠌ ᠰᠠᠨᠠᠭᠳᠠᠨ᠎ᠠ᠂ ᠭᠠᠴᠠᠭ᠎ᠠ ᠳᠠᠰ ᠤᠨ ᠰᠤᠷᠭᠠᠭᠤᠯᠢ ᠶᠢᠨ ᠭᠦᠷᠢᠶᠡᠨ ᠳᠤ ᠭᠠᠠᠳᠢᠭ ᠴᠢᠯᠠᠭᠤ ᠲᠡᠶ ᠵᠢᠭᠠᠨ ᠰᠤᠷᠭᠠᠬᠤ ᠠᠰᠠᠷ ᠪᠣᠰᠬᠤ ᠭᠡᠵᠤ ᠠᠮᠠᠷ ᠦᠦ ︖》 ᠭᠡᠵᠤ ᠶᠠᠷᠢᠵᠠᠭᠠᠳᠠᠭ ᠰᠠᠨ᠃ ᠳᠠᠢ᠌ᠮᠤ ᠡ᠂ ᠭᠠᠴᠠᠭ᠎ᠠ ᠳᠠᠰ ᠤᠨ ᠰᠤᠷᠭᠠᠭᠤᠯᠢ ᠪᠣᠯᠪᠠᠴᠤ ᠭᠠᠪᠰᠢᠭᠠᠢ ᠳᠠᠭᠠᠭᠤᠯᠤᠭᠴᠢ ᠵᠠᠭᠢᠷᠤᠯ ᠪᠠᠢ᠌ᠭᠰᠠᠨ ᠡᠴᠡ ᠪᠠᠷᠠᠭᠤᠨ ᠳᠠᠪᠢᠨ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠨᠥᠭᠦᠴᠡᠯ ᠤᠷᠢᠳ ᠭᠠᠷᠤᠭ᠎ᠠ ᠦᠭᠡᠶ ᠰᠠᠢ᠌ᠵᠢᠷᠠᠵᠤ ᠦᠷᠨᠢᠨ ᠭᠦᠭ᠍ᠵᠢᠵᠤ᠂ ᠪᠠᠭᠰᠢ ᠰᠤᠷᠤᠭᠴᠢᠳ ᠳᠠᠭᠠᠯᠠᠮᠵᠢᠳᠠᠢ ᠳᠤᠭᠢᠯᠢᠭ ᠣᠷᠴᠢᠨ ᠳᠤᠭᠤᠷᠢᠨ ᠳᠤ ᠠᠵᠢᠯᠯᠠᠵᠤ ᠰᠤᠷᠤᠯᠴᠠᠬᠤ ᠪᠣᠯᠤᠭᠰᠠᠨ ᠪᠠᠢ᠌ᠨ᠎ᠠ᠃

     ᠮᠠᠩᠨᠠᠢ ᠡᠴᠡ ᠳᠤᠰᠤᠯᠠᠭᠰᠠᠨ ᠭᠦᠯᠦᠰᠤᠨ ᠡᠴᠡ ᠨᠢ ᠮᠢᠷᠠᠯᠵᠠᠨ ᠳᠡᠯᠭᠡᠷᠡᠭᠦ ᠥᠩᠭᠡ ᠶᠢᠨ ᠴᠡᠴᠡᠭ᠌ ᠳᠡᠯᠭᠡᠷᠡᠨ᠎ᠡ᠃   

     ᠰᠤᠷᠭᠠᠨ ᠭᠦᠮᠦᠵᠢᠯ ᠵᠢᠭᠠᠨ ᠰᠤᠷᠭᠠᠬᠤ ᠠᠵᠢᠯ ᠪᠣᠯ ᠰᠤᠷᠭᠠᠭᠤᠯᠢ ᠶᠢᠨ ᠠᠵᠢᠯ ᠤᠨ ᠭᠤᠤᠯ ᠭᠡᠯᠭᠢᠶ᠎ᠡ ᠪᠣᠯᠤᠨ᠎ᠠ᠃ ᠵᠠᠭᠢᠷᠤᠯ ᠪᠣᠯᠤᠭᠰᠠᠨ ᠤ ᠬᠤᠪᠢ ᠳᠤ ᠰᠤᠷᠭᠠᠨ ᠭᠦᠮᠦᠵᠢᠯ ᠵᠢᠭᠠᠨ ᠰᠤᠷᠭᠠᠬᠤ ᠠᠵᠢᠯ ᠤᠨ ᠣᠢ᠌ᠯᠠᠭᠠᠭᠳᠠᠬᠤᠨ ᠶᠢᠡᠨ ᠥᠭᠡᠷᠡᠴᠢᠯᠡᠵᠤ᠂ ᠭᠦᠮᠦᠡᠴᠢ ᠴᠢᠨᠠᠷ ᠤᠨ ᠬᠠᠮᠢᠶᠠᠷᠤᠯᠳᠠ ᠶᠢ ᠰᠤᠷᠭᠠᠭᠤᠯᠢ ᠶᠢᠨ ᠬᠠᠮᠢᠶᠠᠷᠤᠯᠳᠠ ᠲᠠᠭᠠᠨ ᠨᠡᠪᠴᠢᠭᠦᠯᠵᠤ ᠳᠦᠷᠢᠮᠵᠢᠭ᠍ᠰᠡᠨ ᠬᠠᠮᠢᠶᠠᠷᠤᠯᠳᠠ ᠪᠠᠷ ᠰᠤᠷᠭᠠᠨ ᠭᠦᠮᠦᠵᠢᠯ ᠵᠢᠭᠠᠨ ᠰᠤᠷᠭᠠᠬᠤ ᠠᠵᠢᠯ ᠶᠢᠡᠨ ᠦᠷᠨᠢᠭᠦᠯᠵᠤ ᠶᠠᠪᠣᠭᠳᠠᠭᠤᠯᠵᠠᠢ᠃   

      ᠪᠠᠭᠰᠢ ᠶᠢᠨ ᠬᠠᠮᠢᠶᠠᠷᠤᠯᠳᠠ ᠪᠠᠨ ᠴᠢᠩᠭ᠋ᠠᠳᠬᠠᠵᠤ᠂ ᠭᠢᠴᠢᠶᠡᠯᠯᠡᠭᠡ ᠶᠢᠨ ᠳᠠᠩᠭᠢᠮ ᠤᠨ ᠵᠢᠭᠠᠨ ᠰᠤᠷᠭᠠᠯᠳᠠ ᠪᠠᠨ ᠰᠢᠯᠢᠳᠡᠭ᠍ᠵᠢᠭᠦᠯᠵᠡᠢ᠃ ᠦᠳᠡ ᠶᠢᠨ ᠠᠮᠠᠷᠠᠯᠳᠠ ᠳᠤ ᠪᠠᠭᠰᠢ ᠨᠡᠷ ᠠᠷᠢᠭᠢ ᠣᠤᠭᠤᠵᠤ ᠪᠣᠯᠬᠤ ᠦᠭᠡᠶ ᠭᠡᠳᠡᠭ᠌ ᠴᠢᠩᠭ᠎ᠠ ᠳᠤᠭᠳᠠᠭᠠᠯ ᠢ ᠨᠢᠮᠪᠠᠢ ᠭᠡᠷᠡᠭ᠍ᠵᠢᠭᠦᠯᠵᠡᠢ᠃ ᠭᠢᠴᠢᠶᠠᠯ ᠤᠨ ᠪᠠᠭᠰᠢ ᠨᠡᠷ ᠨᠢᠭᠡ ᠭᠠᠷᠠᠭ ᠣᠷᠢᠳᠴᠢᠯᠠᠨ ᠭᠢᠴᠢᠶᠠᠯ ᠪᠡᠯᠡᠳᠭᠡᠭᠦ ᠶᠢ ᠵᠤᠷᠰᠢᠭᠤᠯᠤᠨ ᠳᠦᠷᠢᠮᠵᠢᠭᠦᠯᠵᠡᠢ᠃ ᠭᠢᠴᠢᠶᠡᠯᠯᠡᠭᠡ ᠶᠢᠨ ᠳᠠᠩᠭᠢᠮ ᠤᠨ ᠵᠢᠭᠠᠨ ᠰᠤᠷᠭᠠᠯᠳᠠ ᠶᠢ ᠰᠢᠯᠢᠳᠡᠭ᠍ᠵᠢᠭᠦᠯᠵᠤ᠂ ᠵᠢᠭᠠᠨ ᠰᠤᠷᠭᠠᠬᠤ ᠦᠷ᠎ᠡ ᠪᠦᠳᠦᠮᠵᠢ ᠪᠠᠨ ᠳᠡᠭᠡᠭ᠍ᠰᠢᠯᠡᠭᠦᠭᠦ ᠪᠠᠷ 《ᠵᠢᠭᠠᠬᠤ᠂ ᠰᠤᠷᠬᠤ᠂ ᠪᠣᠯᠪᠠᠰᠤᠷᠠᠬᠤ》 ᠭᠢᠴᠢᠶᠡᠯᠯᠡᠭᠡ ᠶᠢᠨ ᠭᠡᠯᠪᠠᠷᠢ ᠶᠢᠨ ᠥᠭᠡᠷᠡᠴᠢᠯᠡᠯᠳᠡ ᠭᠢᠵᠤ᠂ ᠵᠠᠭᠢᠷᠤᠯ ᠪᠣᠯᠤᠭᠰᠠᠨ ᠤ ᠬᠤᠪᠢ ᠳᠤ ᠳᠠᠷᠠ ᠦᠪᠠᠰᠤᠪᠠᠨ ᠳᠡᠷᠢᠭᠦᠯᠡᠨ ᠭᠢᠴᠢᠶᠠᠯ ᠤᠨ ᠳᠠᠩᠭᠢᠮ ᠳᠤ ᠭᠦᠡᠵᠡᠭᠡᠢ᠌ᠷᠡᠨ ᠭᠢᠴᠢᠶᠠᠯ ᠰᠤᠨᠤᠰᠴᠤ᠂ ᠭᠢᠴᠢᠶᠠᠯ ᠤᠨ ᠳᠠᠩᠭᠢᠮ ᠤᠨ ᠵᠢᠭᠠᠨ ᠰᠤᠷᠭᠠᠯᠳᠠ ᠶᠢ ᠰᠤᠳᠤᠯᠤᠨ᠂ ᠢᠳᠠᠪᠭᠢᠳᠠᠢ ᠪᠠᠷ ᠭᠢᠴᠢᠶᠠᠯ ᠦᠨᠡᠯᠠᠨ᠂ ᠭᠢᠴᠢᠶᠠᠯ ᠰᠤᠨᠤᠰᠤᠭᠰᠠᠨ ᠣᠯᠤᠯᠳᠠ ᠳᠦᠷᠦᠭ᠍ᠳᠡᠯ ᠶᠢᠡᠨ ᠪᠠᠭᠰᠢ ᠨᠡᠷ ᠲᠡᠶ ᠪᠠᠨ ᠬᠠᠷᠢᠯᠴᠠᠨ ᠰᠤᠯᠢᠯᠴᠠᠵᠤ᠂ ᠭᠢᠴᠢᠶᠠᠯ ᠰᠤᠨᠤᠰᠤᠭᠰᠠᠨ ᠬᠠᠨᠤᠮᠵᠢ ᠪᠠᠬᠠᠳᠤᠯ ᠶᠢᠡᠨ ᠪᠠᠭᠰᠢ ᠨᠡᠷ ᠲᠡᠶ ᠪᠠᠨ ᠬᠠᠮᠳᠤᠪᠠᠷ ᠡᠳ᠋ᠯᠡᠵᠤ᠂ ᠬᠠᠯᠠᠨ ᠰᠠᠢ᠌ᠵᠢᠷᠠᠭᠤᠯᠬᠤ ᠴᠢᠬᠤᠯᠠ ᠲᠡᠶ ᠵᠣᠢ᠌ᠯ ᠢ ᠨᠢ ᠴᠢᠩ ᠦᠨᠡᠠᠴᠢ ᠪᠠᠷ ᠰᠠᠨᠠᠭᠤᠯᠵᠤ ᠥᠭ᠍ᠳᠡᠭ᠌᠃᠂

      《ᠴᠢᠷᠮᠠᠢ᠌ᠯᠭ᠎ᠠ ᠭᠦᠮᠤᠨ ᠢ ᠭᠦᠰᠡᠷᠳᠡᠭᠦᠯᠳᠡᠭ᠌ ᠦᠭᠡᠶ》 ᠭᠡᠳᠡᠭ᠌ ᠶᠢᠡᠷ ᠰᠤᠷᠭᠠᠨ ᠭᠦᠮᠦᠵᠢᠯ ᠵᠢᠭᠠᠨ ᠰᠤᠷᠭᠠᠬᠤ ᠦᠷ᠎ᠡ ᠪᠦᠳᠦᠮᠵᠢ ᠪᠠ ᠰᠤᠷᠭᠠᠭᠤᠯᠢ ᠶᠢᠨ ᠬᠠᠮᠢᠶᠠᠷᠤᠯᠳᠠ ᠳᠤᠪᠣᠢ᠌ᠮ᠎ᠠ ᠡᠴᠡ ᠪᠣᠯᠵᠤ ᠰᠤᠷᠭᠠᠭᠤᠯᠢ ᠨᠢ ᠤᠷᠢᠳ ᠬᠤᠵᠢᠳ ᠠᠢ᠌ᠮᠠᠭ ᠤᠨ ᠰᠤᠷᠭᠠᠨ ᠭᠦᠮᠦᠵᠢᠯ ᠤᠨ ᠳᠤᠪᠴᠢᠶᠠᠨ ᠤ 《ᠦᠨᠳᠦᠰᠦᠳᠠᠨ ᠤ ᠰᠤᠷᠭᠠᠨ ᠭᠦᠮᠦᠵᠢᠯ ᠡᠷᠭᠢᠯᠡᠭ᠍ᠰᠡᠨ ᠳᠡᠷᠢᠭᠦᠨ ᠰᠤᠷᠭᠠᠭᠤᠯᠢ》᠂ 《ᠠᠷᠠᠤᠨ ᠲᠤ ᠬᠠᠨᠤᠮᠵᠢᠳᠠᠢ ᠰᠤᠷᠭᠠᠭᠤᠯᠢ》᠂ 《ᠠᠵᠢᠯᠴᠢ ᠠᠷᠪᠢᠴᠢ ᠪᠠᠷ ᠰᠤᠷᠭᠠᠭᠤᠯᠢ ᠪᠠᠨ ᠡᠷᠭᠢᠯᠡᠭ᠍ᠰᠡᠨ ᠳᠡᠷᠢᠭᠦᠨ ᠤ ᠰᠤᠷᠭᠠᠭᠤᠯᠢ》 ᠪᠠ ᠬᠤᠰᠢᠭᠤᠨ ᠤᠨ ᠰᠤᠷᠭᠠᠨ ᠭᠦᠮᠦᠵᠢᠯ ᠤᠨ ᠳᠤᠪᠴᠢᠶᠠᠨ ᠤ 《ᠣᠷᠠᠯᠢᠭ ᠤᠨ ᠰᠤᠷᠭᠠᠨ ᠭᠦᠮᠦᠵᠢᠯ ᠳᠡᠷᠢᠭᠦᠨ ᠰᠤᠷᠭᠠᠭᠤᠯᠢ》᠂ 《ᠵᠢᠭᠠᠨ ᠰᠤᠷᠭᠠᠬᠤ ᠶᠠᠰᠤ ᠴᠢᠨᠠᠷ ᠰᠢᠯᠢᠳᠡᠭ᠌ ᠰᠤᠷᠭᠠᠭᠤᠯᠢ》᠂ 《ᠠᠯᠤᠰ ᠡᠵᠡᠮᠰᠢᠯᠳᠤ ᠰᠤᠷᠭᠠᠨ ᠭᠦᠮᠦᠵᠢᠯ ᠤᠨ ᠬᠠᠮᠢᠶᠠᠷᠤᠯᠳᠠ ᠳᠡᠷᠢᠭᠦᠨ ᠰᠤᠷᠭᠠᠭᠤᠯᠢ》 ᠵᠡᠷᠭᠡ ᠢᠷᠠᠭᠤ ᠠᠯᠳᠠᠷ ᠥᠩᠭᠡ ᠭᠡᠷᠡᠯ ᠢ ᠭᠦᠷᠳᠡᠵᠤ᠂ ᠵᠢᠷᠭᠤᠭᠠᠨ ᠵᠢᠯ ᠳᠠᠷᠠᠭᠠᠯᠠᠨ ᠣᠳᠤ ᠪᠣᠯᠳᠠᠯ᠎ᠠ ᠬᠤᠰᠢᠭᠤᠨ ᠤ ᠰᠤᠷᠭᠠᠨ ᠭᠦᠮᠦᠵᠢᠯ ᠤᠨ ᠳᠤᠪᠴᠢᠶᠠᠨ ᠳᠤ 《ᠠᠵᠢᠯ ᠤᠨ ᠭᠢᠷᠢ ᠪᠦᠳᠦᠮᠵᠢ ᠳᠤᠪᠣᠢ᠌ᠮ᠎ᠠ ᠰᠤᠷᠭᠠᠭᠤᠯᠢ》 ᠪᠠᠷ ᠴᠤᠯᠠᠯᠠᠭᠳᠠᠭᠰᠠᠨ ᠪᠠᠢ᠌ᠨ᠎ᠠ᠃ ᠡᠨᠡ ᠥᠨᠡᠭᠡᠷ᠄

     《ᠮᠠᠩᠨᠠᠢ ᠡᠴᠡ ᠳᠤᠰᠤᠯᠤᠭᠰᠠᠨ ᠭᠦᠯᠦᠰᠤᠨ ᠤ ᠪᠠᠨ ᠭᠠᠵᠠᠷ ᠰᠢᠩᠭᠡᠭᠡᠭᠦ ᠶᠢ ᠬᠠᠷᠠᠭᠠᠤᠨ

     ᠮᠠᠭᠠᠤᠨ ᠳᠠᠯᠠᠭᠠᠷ ᠣᠷᠤᠰᠤᠯ᠎ᠠ ᠭᠡᠮᠡᠨ ᠭᠠᠰᠠᠯᠵᠤ ᠪᠢᠳᠡᠭᠡᠢ ᠭᠤᠮᠤᠳᠠᠭᠠᠷᠠᠢ᠂

     ᠮᠠᠷᠭᠠᠰᠢ ᠶᠢᠨ ᠡᠳᠦᠷ ᠳᠤᠰᠤᠯᠤᠭᠰᠠᠨ ᠣᠷᠤᠨ ᠳᠤ ᠡᠭᠡᠵᠤ ᠢᠷᠡᠭᠡᠳ ᠥᠵᠡᠭ᠍ᠳᠤᠨ

     ᠮᠢᠷᠠᠯᠵᠠᠨ ᠳᠡᠯᠭᠡᠷᠡᠭᠦ ᠥᠩᠭᠡ ᠶᠢᠨ ᠴᠡᠴᠡᠭ᠌ ᠴᠢᠮ᠎ᠠ ᠶᠢ ᠣᠭᠳᠤᠬᠤ ᠨᠢ ᠯᠠᠪᠳᠠᠢ ︕》 ᠭᠡᠭᠦ ᠰᠢᠯᠦᠭ᠌ ᠤᠨ ᠪᠣᠳᠠᠳᠤ ᠳᠤᠰᠬᠠᠯ ᠪᠣᠯᠬᠤ ᠠᠵᠠᠢ ︕


ᠵᠤᠬᠢᠶᠠᠭᠴᠢ ᠶᠢᠨ ᠬᠠ‍‌ᠶᠢᠭ ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠷᠠᠭᠤᠨ ᠳᠠᠪᠢᠨ ᠰᠤᠷᠭᠠᠭᠤᠯᠢ

ᠵᠤᠬᠢᠶᠠᠭᠴᠢ᠄ ᠠᠰᠬ᠎ᠠ ᠶᠢᠨ ᠣᠰᠤ
ᠬᠠᠷᠢᠶ᠎ᠠ᠄ ᠪᠠᠭᠰᠢ ᠶᠢᠨ ᠬᠠᠨᠢ
ᠳᠠᠷᠤᠮ᠄ 2021
ᠴᠠᠭ᠄ 2011 ᠤᠨ ᠤ 06 ᠰᠠᠷ᠎ᠠ ᠶᠢᠨ 24