ᠳᠤᠭᠠᠨ ᠤ ᠣᠬᠠᠭᠠᠨ ᠤ ᠵᠢᠭᠠᠨ ᠰᠤᠷᠭᠠᠯᠳᠠ ᠳᠤ ᠠᠩᠬᠠᠷᠪᠠᠯ ᠠᠰᠢᠭᠳᠠᠢ ᠭᠡᠳᠤᠨ ᠬᠠᠷᠢᠴᠠᠭ᠎ᠠ

ᠳᠤᠭᠠᠨ ᠤ ᠣᠬᠠᠭᠠᠨ ᠤ ᠣᠳᠤᠭᠢᠴᠢᠯᠠᠭᠰᠠᠨ ᠵᠢᠭᠠᠨ ᠰᠤᠷᠭᠠᠯᠳᠠ ᠳ᠋ᠤ ᠰᠢᠨ᠎ᠡ᠎ ᠶᠢ᠌ ᠡᠭᠦᠳᠭᠦ ᠶᠢ ᠣᠷᠢᠶᠠᠯᠠᠵᠤ ᠪᠠᠢ᠌ᠨ᠎ᠠ᠃ ᠡᠨᠡ ᠭᠦ ᠰᠢᠨ᠎ᠠ ᠶᠢ ᠡᠭᠦᠳᠭᠦ ᠨᠢ ᠠᠯᠪᠠᠳᠠᠯᠭ᠎ᠠ ᠶᠢᠨ ᠴᠢᠨᠠᠷᠳᠠᠢ ᠠᠷᠭᠠᠴᠠᠯᠳᠠ ᠪᠢᠰᠢ᠂ ᠬᠠᠷᠢᠨ ᠪᠠᠭᠰᠢ ᠶᠢᠨ ᠰᠢᠨ᠎ᠡ ᠶᠢ ᠡᠭᠦᠳᠭᠦ ᠣᠬᠠᠮᠰᠠᠷ ᠪᠠ ᠦᠨᠡᠨ ᠡᠴᠡ ᠵᠦᠪ ᠢ ᠡᠷᠢᠭᠦ ᠰᠤᠷᠳᠠᠯ ᠤᠨ ᠨᠠᠪᠴᠢᠯᠳᠠ ᠮᠦᠨ᠃ ᠨᠠᠷᠢᠨ ᠨᠢᠮᠪᠠᠢ ᠪᠡᠯᠡᠳᠭᠡᠨ ᠲᠦᠯᠦᠪᠯᠡᠭ᠍ᠰᠡᠨ ᠦᠷ᠎ᠡ ᠠᠰᠢᠭ ᠲᠡᠶ ᠭᠢᠴᠢᠶᠡᠯᠯᠡᠭᠡ ᠳᠤ ᠡᠷᠭᠡᠪᠰᠢ ᠳᠤᠤᠷᠠᠭᠢ ᠭᠡᠳᠤᠨ ᠬᠠᠷᠢᠴᠠᠭ᠎ᠠ ᠶᠢ ᠡᠡᠩᠭᠡᠷᠤᠨ ᠰᠢ᠌ᠳᠪᠦᠷᠢᠯᠡᠭᠦ ᠭᠡᠷᠡᠭ᠍ᠳᠡᠢ᠃

    ᠨᠢᠭᠡ ᠄ ᠵᠢᠭᠠᠬᠤ ᠪᠠ ᠰᠤᠷᠬᠤ ᠶᠢᠨ ᠬᠠᠷᠢᠴᠠᠭ᠎ᠠ

ᠰᠢᠨ᠎ᠠ ᠭᠢᠴᠢᠶᠠᠯ ᠤᠨ ᠥᠭᠡᠷᠡᠴᠢᠯᠡᠯᠳᠡ ᠳᠤ ᠰᠤᠷᠤᠯᠴᠠᠬᠤ ᠠᠷᠭ᠎ᠠ ᠶᠢᠨ ᠬᠤᠪᠢᠷᠠᠯᠳᠠ ᠣᠯᠠᠨ ᠪᠠᠢ᠌ᠳᠠᠭ᠃ ᠳᠤᠬᠠᠢ᠌ᠯᠠᠪᠠᠯ ᠪᠠᠶ᠎ᠠ ᠪᠠᠨ ᠳᠠᠭᠠᠭᠠᠵᠤ ᠰᠤᠷᠤᠯᠴᠠᠬᠤ᠂ ᠬᠤᠷᠰᠢᠨ ᠰᠤᠷᠦᠯᠴᠡᠬᠤ᠂ ᠰᠥᠪᠠᠭ᠍ᠴᠢᠯᠡᠵᠤ ᠰᠤᠷᠤᠯᠴᠠᠬᠤ ᠵᠡᠷᠭᠡ ᠵᠡᠷᠭᠡ᠃ ᠡᠨᠡ ᠨᠢ ᠮᠦᠨ ᠴᠤ ᠰᠢᠨ᠎ᠠ ᠭᠢᠴᠢᠶᠠᠯ ᠤᠨ ᠥᠭᠡᠷᠡᠴᠢᠯᠡᠯᠳᠡ ᠶᠢᠨ ᠵᠠᠩᠭᠢᠯᠠᠭ᠎ᠠ ᠶᠢᠨ ᠭᠡᠰᠡᠭ᠌ ᠪᠣᠯᠤᠨ᠎ᠠ᠃ ᠳᠤᠭᠠᠨ ᠤ ᠭᠢᠴᠢᠶᠡᠯᠯᠡᠭᠡ ᠳᠤ ᠰᠤᠷᠤᠭᠴᠢ ᠶᠢᠨ ᠣᠷᠮ᠎ᠠ ᠪᠠᠬ᠎ᠠ ᠶᠢ ᠭᠦᠡᠳᠦᠳᠭᠡᠭᠦ ᠪᠣᠯ ᠶᠡᠭᠡ ᠴᠢᠬᠤᠯᠠ᠂ ᠭᠡᠷᠪᠡ ᠰᠤᠷᠤᠭᠴᠢᠳ ᠰᠤᠷᠤᠯᠴᠠᠬᠤ ᠠᠭᠤᠯᠭ᠎ᠠ ᠳᠤ ᠪᠠᠨ ᠳᠤᠷ᠎ᠠ ᠪᠠᠬ᠎ᠠ ᠲᠡᠶ ᠪᠣᠯ ᠶᠡᠭᠡ ᠳᠠᠷᠢᠭᠢ ᠨᠢ ᠣᠯᠠᠮ ᠢᠯᠡᠭᠦᠤ ᠭᠦᠳᠡᠯᠵᠤ᠂ ᠠᠩᠬᠠᠷᠤᠯ ᠳᠦᠪᠯᠡᠷᠡᠭᠦᠯᠵᠤ ᠴᠡᠭᠡᠵᠢᠯᠡᠭᠦ ᠨᠢ ᠠᠮᠢᠳᠤᠯᠢᠭ᠂ ᠬᠤᠷᠳᠤᠨ᠂ ᠴᠢᠨᠠᠷᠯᠢᠭ ᠪᠣᠯᠳᠠᠭ᠃ ᠣᠳᠤ ᠦᠶ᠎ᠡ ᠶᠢᠨ ᠰᠤᠷᠭᠠᠨ ᠭᠦᠮᠦᠵᠢᠯ ᠤᠨ ᠣᠠᠴᠠᠯᠢᠭ ᠪᠠ ᠬᠡᠦᠬᠡᠳ ᠤᠨ ᠬᠤᠪᠢ ᠪᠠᠶ᠎ᠠ ᠶᠢᠨ ᠣᠠᠴᠠᠯᠢᠭ ᠢ ᠦᠨᠳᠦᠰᠦᠯᠠᠪᠠᠯ ᠣᠷᠮ᠎ᠠ ᠪᠠᠬ᠎ᠠ ᠲ᠋ᠠᠢ ᠰᠤᠷᠤᠯᠴᠠᠭᠤᠯᠬᠤ ᠶᠢᠨ ᠭᠤᠤᠯ ᠵᠠᠩᠭᠢᠯᠠᠭ᠎ᠠ ᠨᠢ ᠵᠢᠭᠠᠬᠤ ᠪᠠ ᠰᠤᠷᠤᠯᠴᠠᠬᠤ ᠠᠷᠭ᠎ᠠ ᠭᠡᠯᠪᠠᠷᠢ ᠶᠢᠨ ᠠᠰᠢᠭᠳᠠᠢ ᠡᠰᠡᠭᠦ ᠳᠤ ᠣᠷᠤᠰᠢᠨ᠎ᠠ᠃

ᠳᠤᠭᠠᠨ ᠤ ᠣᠬᠠᠭᠠᠨ ᠤ ᠵᠢᠭᠠᠨ ᠰᠤᠷᠭᠠᠯᠳᠠ ᠶᠢᠨ ᠶᠠᠪᠣᠴᠠ ᠳᠤ ᠰᠠᠭᠤᠷᠢ ᠮᠡᠳᠡᠯᠭᠡ ᠦᠨᠳᠦᠰᠦᠨ ᠣᠨᠤᠯ ᠢ ᠣᠯᠠᠮᠵᠢᠯᠠᠬᠤ ᠪᠠ ᠰᠡᠳᠭᠢᠭᠦᠢ ᠶᠢᠨ ᠴᠢᠳᠠᠪᠣᠷᠢ ᠶᠢ ᠭᠦᠮᠦᠵᠢᠭᠦᠯᠭᠦ ᠪᠣᠯ ᠰᠠᠯᠵᠤ ᠪᠣᠯᠤᠰᠢ ᠦᠭᠡᠶ ᠬᠤᠯᠪᠣᠭ᠎ᠠ ᠲᠡᠶ ᠶᠤᠮ᠃ ᠰᠤᠷᠤᠭᠴᠢᠳ ᠤᠨ ᠰᠡᠳᠭᠢᠭᠦᠢ ᠴᠢᠳᠠᠪᠣᠷᠢ ᠶᠢ ᠡᠷᠭᠡᠪᠰᠢ ᠰᠠᠭᠤᠷᠢ ᠮᠡᠳᠡᠯᠭᠡ ᠶᠢ ᠣᠯᠠᠮᠵᠢᠯᠠᠬᠤ ᠶᠠᠪᠣᠴᠠ ᠳᠤᠮᠳᠠ ᠭᠦᠮᠦᠵᠢᠭᠦᠯᠪᠠᠯ ᠰᠤᠷᠤᠭᠴᠢᠳ ᠤᠨ ᠮᠡᠳᠡᠯᠭᠡ ᠶᠢᠨ ᠭᠡᠪᠴᠢᠶ᠎ᠡ ᠶᠢ ᠳᠠᠰᠤᠷᠠᠯᠳᠠ ᠦᠭᠡᠶ ᠦᠷᠭᠡᠳᠭᠡᠭᠦ ᠪᠠᠷ ᠪᠠᠷᠠᠬᠤ ᠦᠭᠡᠶ ᠰᠤᠷᠤᠭᠴᠢᠳ ᠤᠨ ᠰᠡᠳᠭᠢᠭᠦᠢ ᠴᠢᠳᠠᠪᠣᠷᠢ ᠶᠢ ᠳᠡᠭᠦᠯᠳᠡᠷᠵᠢᠭᠦᠯᠵᠤ ᠠᠮᠢᠳᠤᠯᠢᠭᠵᠢᠭᠤᠯᠤᠨ᠎ᠠ᠃ ᠰᠤᠷᠤᠭᠴᠢᠳ ᠰᠤᠷᠤᠭᠰᠠᠨ ᠦᠨᠳᠦᠰᠦᠨ ᠮᠡᠳᠡᠯᠭᠡ ᠪᠠᠨ ᠪᠣᠯᠪᠠᠰᠤᠷᠠᠭᠤᠯᠤᠨ᠂ ᠬᠠᠷᠢᠴᠠᠭᠤᠯᠵᠤ᠂ ᠬᠤᠷᠢᠶᠠᠩᠭ᠋ᠣᠢ᠌ᠯᠠᠵᠤ᠂ ᠬᠤᠯᠪᠤᠨ ᠵᠠᠳᠠᠯᠵᠤ᠂ ᠦᠷᠭᠡᠳᠭᠡᠨ ᠰᠥᠪᠠᠭ᠍ᠴᠢᠯᠡᠮᠡᠡᠵᠢᠨ ᠰᠠ‍‌ᠶᠢ ᠮᠡᠳᠡᠯᠭᠡ ᠪᠠᠨ ᠴᠢᠳᠠᠪᠣᠷᠢ ᠪᠣᠯᠭᠠᠨ ᠭᠦᠮᠦᠵᠢᠭᠦᠯᠵᠤ ᠴᠢᠳᠠᠨ᠎ᠠ᠃ ᠡᠰᠡᠷᠭᠦ ᠪᠠᠷ ᠳᠠᠩ ᠭᠠᠭᠴᠠ ᠮᠡᠳᠡᠯᠭᠡ ᠶᠢ ᠣᠯᠠᠮᠵᠢᠯᠠᠭᠠᠤᠨ ᠰᠡᠳᠭᠢᠭᠦ ᠠᠷᠭ᠎ᠠ᠂ ᠰᠤᠷᠬᠤ ᠳᠠᠮ ᠢ ᠮᠡᠳᠡᠭᠦᠯᠭᠦ ᠦᠭᠡᠶ ᠪᠣᠯ ᠰᠤᠷᠤᠭᠴᠢᠳ ᠤᠨ ᠰᠠᠳᠭᠢᠴᠠ ᠥᠭᠦᠰᠢᠷᠡᠮᠡᠯ ᠪᠣᠯᠵᠤ ᠣᠨᠤᠯ ᠡᠴᠡ ᠥᠢᠯᠡᠳᠦᠯᠭᠡ ᠳᠤ ᠰᠢᠯᠵᠢᠨ ᠭᠡᠷᠡᠭᠯᠡᠵᠤ ᠴᠢᠳᠠᠬᠤ ᠦᠭᠡᠶ ᠪᠠᠢ᠌ᠳᠠᠭ᠃

    ᠬᠤᠶᠠᠷ ᠄ ᠣᠯᠠᠮᠵᠢᠯᠠᠯᠳᠤ ᠵᠢᠭᠠᠨ ᠰᠤᠷᠭᠠᠬᠤ ᠠᠷᠭ᠎ᠠ ᠪᠠ ᠣᠳᠤᠭᠢᠴᠢᠯᠠᠭᠰᠠᠨ ᠵᠢᠭᠠᠨ ᠰᠤᠷᠭᠠᠬᠤ ᠠᠷᠭ᠎ᠠ ᠶᠢᠨ ᠬᠠᠷᠢᠴᠠᠭ᠎ᠠ

ᠵᠢᠭᠠᠨ ᠰᠤᠷᠭᠠᠯᠳᠠ ᠶᠢᠨ ᠶᠠᠪᠣᠴᠠ ᠳᠤ ᠵᠢᠭᠠᠨ ᠰᠤᠷᠭᠠᠬᠤ᠂ ᠰᠢᠡᠵᠢᠯᠡᠭᠦ ᠣᠬᠠᠭᠠᠠᠴᠢ ᠣᠷ᠎ᠠ ᠳᠠᠮ ᠢ ᠡᠷᠢᠯᠭᠢᠯᠡᠵᠤ᠂ ᠰᠢᠨ᠎ᠠ ᠶᠢ ᠡᠭᠦᠳᠭᠦ ᠪᠠ ᠥᠢᠯᠡᠳᠦᠯᠭᠡᠳᠤ ᠴᠢᠳᠠᠪᠣᠷᠢ ᠶᠢ ᠭᠦᠮᠦᠵᠢᠭᠦᠯᠤᠨ ᠰᠤᠷᠤᠭᠴᠢ ᠶᠢᠨ ᠪᠦᠭᠦ ᠳᠠᠯ᠎ᠠ ᠶᠢᠨ ᠭᠦᠭ᠍ᠵᠢᠯᠳᠡ ᠶᠢ ᠠᠭᠢᠭᠤᠯᠬᠤ ᠨᠢ ᠳᠡᠷᠢᠭᠦᠨ ᠴᠢᠬᠤᠯᠠ ᠶᠠᠪᠣᠳᠠᠯ ᠪᠣᠯᠤᠨ᠎ᠠ᠃ ᠰᠠᠭᠤᠷᠢ ᠰᠤᠷᠭᠠᠨ ᠭᠦᠮᠦᠵᠢᠯ ᠤᠨ ᠭᠢᠴᠢᠶᠠᠯ ᠤᠨ ᠥᠭᠡᠷᠡᠴᠢᠯᠡᠯᠳᠡ ᠳᠤ ᠴᠢᠬᠤᠯᠠᠴᠢᠯᠠᠵᠤ ᠪᠠᠢ᠌ᠭ᠎ᠠ ᠪᠣᠯ ᠵᠢᠭᠠᠨ ᠰᠤᠷᠭᠠᠬᠤ ᠠᠷᠭ᠎ᠠ ᠪᠠᠨ ᠥᠭᠡᠷᠡᠴᠢᠯᠡᠨ ᠰᠠᠢ᠌ᠵᠢᠷᠠᠭᠤᠯᠵᠤ᠂ ᠭᠢᠴᠢᠶᠡᠯᠯᠡᠭᠡ ᠶᠢᠨ ᠶᠠᠪᠣᠴᠠ ᠶᠢ ᠰᠢᠯᠢᠳᠡᠭ᠍ᠵᠢᠭᠦᠯᠭᠦ ᠦᠨᠳᠦᠰᠦᠨ ᠵᠤᠷᠢᠯᠭ᠎ᠠ ᠨᠢ ᠵᠢᠭᠠᠨ ᠰᠤᠷᠭᠠᠯᠳᠠ ᠶᠢᠨ ᠶᠠᠰᠤ ᠴᠢᠨᠠᠷ ᠢ ᠳᠡᠭᠡᠭ᠍ᠰᠢᠭᠦᠯᠭᠦ ᠶᠠᠪᠣᠳᠠᠯ ᠪᠣᠯᠤᠨ᠎ᠠ᠃

ᠡᠨᠡ ᠳᠠᠯ᠎ᠠ ᠪᠠᠷ ᠪᠢᠳᠠ ᠰᠢᠯᠢᠳᠡᠭ᠌ ᠢ ᠰᠢᠯᠢᠨ᠂ ᠰᠢᠭᠠᠷᠤ ᠶᠢ ᠨᠢ ᠳᠠᠶᠠᠭᠳᠠᠬᠤ ᠶᠢ ᠡᠷᠭᠢᠮᠯᠡᠨ ᠣᠯᠠᠮᠵᠢᠯᠠᠯᠳᠤ ᠵᠢᠭᠠᠨ ᠰᠤᠷᠭᠠᠬᠤ ᠠᠷᠭ᠎ᠠ ᠶᠢ ᠪᠦᠷᠢᠮᠦᠰᠤᠨ ᠥᠭᠡᠢ᠌ᠰᠭᠡᠵᠤ ᠪᠣᠯᠬᠤ ᠦᠭᠡᠶ᠂ ᠬᠠᠭᠤᠴᠢᠨ ᠶᠢᠡᠨ ᠪᠠᠷᠢᠮᠳᠠᠯᠠᠭᠠᠤᠨ ᠣᠷᠤᠭᠰᠢᠯᠠᠬᠤ ᠦᠭᠡᠶ ᠪᠠᠢ᠌ᠵᠤ ᠪᠣᠯᠬᠤ ᠦᠭᠡᠶ᠂ ᠴᠠᠭᠢᠯᠭᠠᠠᠵᠢᠯᠠᠭᠰᠠᠨ ᠵᠢᠭᠠᠨ ᠰᠤᠷᠭᠠᠯᠳᠠ ᠶᠢ ᠭᠡᠷᠡᠭᠯᠡᠵᠤ ᠵᠢᠷᠤᠭ ᠳᠦᠷᠰᠤ᠂ ᠳᠠᠭᠤ ᠴᠢᠮᠡᠭᠡ ᠶᠢ ᠠᠰᠢᠭᠯᠠᠨ ᠰᠤᠷᠤᠭᠴᠢᠳ ᠤᠨ ᠣᠷᠮ᠎ᠠ ᠪᠠᠬ᠎ᠠ ᠶᠢ ᠳᠠᠢ᠌ᠴᠢᠯᠠᠨ ᠰᠡᠳᠭᠢᠭᠦᠢ ᠶᠢ ᠭᠦᠭ᠍ᠵᠢᠭᠡᠭᠦ ᠪᠣᠯ ᠰᠢᠨ᠎ᠠ ᠶᠢ ᠡᠭᠦᠳᠴᠤ ᠪᠠᠢ᠌ᠭ᠎ᠠ ᠮᠦᠷᠳᠡᠭᠡᠨ ᠣᠯᠠᠮᠵᠢᠯᠠᠯᠳᠤ ᠰᠤᠷᠭᠠᠨ ᠭᠦᠮᠦᠵᠢᠯ ᠤᠨ ᠭᠢᠴᠢᠶᠠᠯ ᠤᠨ ᠪᠢᠴᠢᠭ᠌᠂ ᠣ ᠶᠢᠨ ᠪᠢᠷ᠂ ᠡᠰᠡᠭᠦᠯ᠎ᠡ ᠨᠢᠭᠡᠨ ᠬᠤᠪᠢ ᠡᠯᠭᠦᠮᠡᠯ ᠵᠢᠷᠤᠭ ᠶᠢᠡᠷ ᠵᠢᠭᠠᠬᠤ ᠪᠠᠭᠠᠵᠢ ᠪᠣᠯᠭᠠᠭᠰᠠᠨ᠂ ᠪᠠᠭᠰᠢ ᠡᠴᠡ ᠶᠠᠷᠢᠵᠤ ᠵᠠᠳᠠᠯᠤᠨ᠂ ᠭᠦᠢᠭᠡᠨ ᠡᠴᠡ ᠭᠦᠡᠵᠡᠭᠡᠢ᠌ᠷᠡᠭᠦᠯᠵᠤ᠂ ᠰᠤᠷᠤᠭᠴᠢᠳ ᠴᠤ ᠢᠳᠠᠪᠭᠢᠳᠠᠢ ᠰᠠᠳᠭᠢᠨ᠂ ᠪᠠᠭᠰᠢ ᠰᠤᠷᠤᠭᠴᠢ ᠶᠢᠨ ᠬᠠᠮᠵᠢᠯᠴᠠᠭ᠎ᠠ ᠪᠠᠷ ᠳᠠᠮᠵᠢᠨ ᠶᠠᠮᠠᠷ ᠨᠢᠭᠡᠨ ᠮᠡᠳᠡᠯᠭᠡ ᠶᠢ ᠣᠢ᠌ᠯᠠᠭᠠᠵᠤ ᠡᠵᠡᠮᠰᠢᠭᠦ ᠨᠢ ᠴᠤ ᠰᠢᠨ᠎ᠠ ᠶᠢ ᠡᠭᠦᠳᠴᠤ ᠪᠠᠢ᠌ᠭ᠎ᠠ ᠶᠠᠪᠣᠳᠠᠯ ᠮᠦᠨ᠃ ᠰᠢᠨ᠎ᠠ ᠶᠢ ᠡᠭᠦᠳᠭᠦ ᠶᠢᠨ ᠵᠠᠩᠭᠢᠯᠠᠭ᠎ᠠ ᠨᠢ ᠥᠩᠭᠡᠨ ᠳᠠᠯ᠎ᠠ ᠶᠢᠨ ᠳᠤ ᠪᠠᠢ᠌ᠬᠤ ᠪᠢᠰᠢ᠂ ᠬᠠᠷᠢᠨ ᠮᠦᠨ ᠴᠢᠨᠠᠷ ᠲᠤ ᠨᠢ ᠪᠠᠢ᠌ᠳᠠᠭ᠃ ᠪᠠᠭᠰᠢ ᠨᠡᠷ ᠡᠷᠭᠡᠪᠰᠢ ᠣᠯᠠᠮᠵᠢᠯᠠᠯ ᠪᠠ ᠰᠢᠨ᠎ᠠ ᠶᠢ ᠡᠭᠦᠳᠭᠦ ᠶᠢ ᠨᠢᠭᠡᠳᠭᠡᠭᠦ ᠭᠡᠷᠡᠭ᠍ᠳᠡᠢ᠃ ᠪᠢᠳᠠ ᠣᠯᠠᠮᠵᠢᠯᠠᠯᠳᠤ ᠵᠢᠭᠠᠨ ᠰᠤᠷᠭᠠᠬᠤ ᠠᠷᠭ᠎ᠠ ᠪᠠᠨ ᠪᠠᠷᠢᠮᠳᠠᠯᠠᠵᠤ ᠳᠠᠪᠰᠢᠩᠭ᠋ᠤᠢ ᠵᠢᠭᠠᠨ ᠰᠤᠷᠭᠠᠬᠤ ᠠᠷᠭ᠎ᠠ ᠶᠢ ᠭᠠᠳᠠᠭᠤᠷᠴᠢᠯᠠᠵᠤ ᠪᠣᠯᠬᠤ ᠦᠭᠡᠶ᠂ ᠬᠤᠶᠠᠭᠤᠯᠠ ᠶᠢ ᠣᠷᠭᠠᠨᠢᠭ ᠶᠢᠡᠷ ᠨᠢᠭᠡᠳᠭᠡᠵᠤ᠂ ᠭᠢᠴᠢᠶᠠᠯ ᠤᠨ ᠴᠠᠭ ᠤᠨ ᠠᠭᠤᠷ ᠠᠮᠢᠰᠬᠤᠯ ᠢ ᠭᠦᠭ᠍ᠵᠢᠶᠡ᠊ᠨᠳᠡᠢ ᠪᠣᠯᠭᠠᠵᠤ᠂ ᠵᠢᠭᠠᠬᠤ ᠶᠠᠪᠣᠴᠠ ᠶᠢ ᠮᠠᠷᠭᠤᠬᠤ ᠴᠢᠨᠠᠷ᠂ ᠠᠮᠢᠳᠤᠯᠢᠭ ᠴᠢᠨᠠᠷ ᠲᠡᠶ ᠪᠣᠯᠭᠠᠮᠠᠠᠵᠢᠨ ᠰᠠ‍‌ᠶᠢ ᠭᠢᠴᠢᠶᠡᠯᠯᠡᠭᠡ ᠶᠢᠨ ᠦᠷ᠎ᠡ ᠠᠰᠢᠭ ᠢ ᠳᠡᠭᠡᠭ᠍ᠰᠢᠯᠡᠭᠦᠯᠵᠤ ᠴᠢᠳᠠᠨ᠎ᠠ᠃

    ᠭᠤᠷᠪᠠ᠂ ᠨᠢᠭᠡᠨᠲᠡ ᠮᠡᠳᠡᠭ᠍ᠰᠡᠨ ᠪᠠ ᠦᠯᠦ ᠮᠡᠳᠡᠭᠦ ᠶᠢᠨ ᠬᠤᠭᠤᠷᠤᠠᠳᠤᠭᠢ ᠬᠠᠷᠢᠴᠠᠭ᠎ᠠ

ᠮᠡᠳᠡᠯᠭᠡ ᠶᠢ ᠣᠯᠬᠤ ᠳᠠᠷᠠᠭᠠᠯᠠᠯ ᠡᠴᠡ ᠦᠵᠡᠪᠠᠯ ᠨᠢᠭᠡᠨᠲᠡ ᠮᠡᠳᠡᠭ᠍ᠰᠡᠨ ᠨᠢ ᠡᠮᠦᠨ᠎ᠡ ᠨᠢ ᠪᠠᠢ᠌ᠵᠤ ᠦᠯᠦ ᠮᠡᠳᠡᠭ᠍ᠰᠡᠨ ᠨᠢ ᠬᠣᠢ᠌ᠨ᠎ᠠ ᠨᠢ ᠪᠠᠢ᠌ᠳᠠᠭ᠃ ᠨᠢᠭᠡᠨᠲᠡ ᠮᠡᠳᠡᠭ᠍ᠰᠡᠨ ᠪᠠ ᠦᠯᠦ ᠮᠡᠳᠡᠭ᠍ᠰᠡᠨ ᠤ ᠬᠤᠭᠤᠷᠤᠠᠳᠤ ᠪᠠᠨ ᠬᠤᠪᠢᠰᠤᠩᠭ᠋ᠤᠢ ᠬᠠᠷᠢᠴᠠᠭ᠎ᠠ ᠲᠡᠶ ᠪᠠᠢ᠌ᠳᠠᠭ᠃ ᠰᠢᠨ᠎ᠠ ᠮᠡᠳᠡᠯᠭᠡ ᠶᠢ ᠣᠢ᠌ᠯᠠᠭᠠᠬᠤ ᠪᠠ ᠡᠵᠡᠮᠰᠢᠭᠦ ᠡᠴᠡ ᠠᠪᠴᠤ ᠭᠡᠯᠡᠪᠠᠯ ᠡᠷᠭᠡᠪᠰᠢ ᠨᠢᠭᠡᠨᠲᠡ ᠮᠡᠳᠡᠭ᠍ᠰᠡᠨ ᠲᠦᠯᠭᠢᠭᠦᠷ ᠶᠢᠡᠷ ᠦᠯᠦ ᠮᠡᠳᠡᠭᠦ ᠣᠨᠢᠰᠤ ᠶᠢ ᠨᠡᠭᠡᠭᠡᠳᠡᠭ᠌᠃ ᠨᠢᠭᠡᠨᠲᠡ ᠮᠡᠳᠡᠭ᠍ᠰᠡᠨ ᠮᠡᠳᠡᠯᠭᠡ ᠶᠢᠨ ᠪᠠᠳᠤᠤᠠᠬᠠᠯ ᠭᠦᠭ᠍ᠵᠢᠯ ᠪᠠ ᠭᠦᠡᠵᠡᠭᠡᠢ᠌ᠷᠡᠯ ᠢ ᠪᠠᠰᠠ ᠡᠷᠭᠡᠪᠰᠢ ᠳᠠᠰᠤᠷᠠᠯᠳᠠ ᠦᠭᠡᠶ ᠰᠢᠨ᠎ᠠ ᠮᠡᠳᠡᠯᠭᠡ ᠶᠢ ᠣᠯᠬᠤ ᠳᠤ ᠳᠦᠰᠢᠭᠯᠡᠨ ᠪᠠᠶᠡᠯᠡᠭᠦᠯᠳᠡᠭ᠌᠃ ᠵᠥᠪᠭᠡᠨ ᠮᠡᠳᠡᠯᠭᠡ ᠶᠢᠨ ᠬᠤᠷᠠᠮᠳᠤᠯ ᠪᠠᠢ᠌ᠭᠠᠤᠨ ᠰᠠᠨᠠᠭᠠᠴᠢᠯᠠᠭ᠎ᠠ ᠲᠡᠶ ᠪᠠᠷ ᠦᠯᠦ ᠮᠡᠳᠡᠭᠦ ᠮᠡᠳᠡᠯᠭᠡ ᠶᠢ ᠰᠥᠪᠠᠭ᠍ᠴᠢᠯᠡᠭᠦ ᠦᠭᠡᠶ ᠪᠣᠯ ᠰᠢᠨ᠎ᠠ ᠶᠢ ᠡᠭᠦᠳᠭᠦ ᠭᠡᠪ ᠴᠢᠨᠠᠷ ᠢ ᠠᠯᠳᠠᠵᠤ᠂ ᠰᠤᠷᠤᠯᠴᠠᠬᠤ ᠶᠢᠨ ᠦᠨᠡᠨ ᠭᠦ ᠵᠤᠷᠢᠯᠭ᠎ᠠ ᠶᠢ ᠪᠠᠶᠡᠯᠡᠭᠦᠯᠵᠤ ᠴᠢᠳᠠᠬᠤ ᠦᠭᠡᠶ ᠶᠤᠮ᠃ ᠡᠢ᠌ᠮᠤ ᠡᠴᠡ ᠪᠢᠳᠠ ᠵᠢᠭᠠᠨ ᠰᠤᠷᠭᠠᠯᠳᠠ ᠳᠤ ᠰᠢᠨ᠎ᠠ ᠶᠢ ᠡᠭᠦᠳᠭᠦ ᠶᠠᠪᠣᠴᠠ ᠳᠤ ᠰᠤᠷᠤᠭᠴᠢ ᠶᠢ ᠭᠦᠳᠦᠯᠤᠨ ᠵᠢᠯᠤᠭᠤᠤᠠᠴᠤ ᠮᠡᠳᠡᠯᠭᠡ ᠶᠢᠨ ᠳᠠᠰᠤᠷᠠᠯᠳᠠ ᠦᠭᠡᠶ ᠬᠤᠷᠠᠮᠳᠤᠭᠤᠯᠤᠯ ᠣᠯᠠᠷᠢᠭᠤᠯᠤᠯᠳᠠ ᠪᠠᠷ ᠳᠠᠮᠵᠢᠨ ᠦᠯᠦ ᠮᠡᠳᠡᠭᠦ ᠵᠣᠢ᠌ᠯᠠᠰ ᠢ ᠰᠥᠪᠠᠭ᠍ᠴᠢᠯᠡᠭᠦᠯᠤᠨ ᠰᠤᠷᠤᠯᠴᠠᠭᠤᠯᠵᠤ᠂ ᠰᠡᠳᠭᠢᠭᠦᠢ ᠶᠢ ᠨᠢ ᠭᠦᠭ᠍ᠵᠢᠭᠦᠯᠤᠨ᠂ ᠳᠠᠳᠠᠨ ᠤ ᠳᠦᠷᠰᠤᠯᠠᠨ ᠪᠣᠳᠤᠬᠤ ᠴᠢᠳᠠᠪᠣᠷᠢ᠂ ᠬᠤᠯᠪᠤᠨ ᠰᠡᠳᠭᠢᠭᠦᠢ ᠴᠢᠳᠠᠪᠣᠷᠢ ᠶᠢ ᠭᠦᠭ᠍ᠵᠢᠭᠦᠯᠭᠦ ᠭᠡᠷᠡᠭ᠍ᠳᠡᠢ᠃ ᠢᠩᠭᠢᠮᠠᠠᠵᠢᠨ ᠰᠠ‍‌ᠶᠢ ᠳᠠᠳᠠ ᠨᠡᠷ ᠤᠨ ᠭᠦᠮᠤᠨ ᠳᠦᠷᠤᠯᠭᠢᠳᠠᠨ ᠤ ᠨᠡᠢ᠌ᠭᠡᠮ ᠤᠨ ᠡᠯ᠎ᠡ ᠵᠣᠢ᠌ᠯ ᠤᠨ ᠣᠯᠤᠰ ᠳᠦᠷᠤ᠂ ᠠᠵᠤ ᠠᠬᠤᠢ᠂ ᠰᠤᠶᠤᠯ ᠠᠮᠢᠳᠤᠷᠠᠯ ᠤᠨ ᠳᠤᠮᠳᠠᠭᠢ ᠮᠠᠰᠢ ᠣᠯᠠᠨ ᠠᠰᠠᠭᠤᠳᠠᠯ᠂ ᠥᠵᠡᠭ᠍ᠳᠡᠯ ᠢ ᠵᠠᠳᠠᠯᠤᠨ ᠳᠠᠢ᠌ᠯᠪᠣᠷᠢᠯᠠᠬᠤ ᠴᠢᠳᠠᠪᠣᠷᠢ ᠶᠢ ᠭᠦᠮᠦᠵᠢᠭᠦᠯᠵᠤ ᠴᠢᠳᠠᠨ᠎ᠠ᠃

    ᠲ᠋ᠦᠷᠪᠠ ᠄ ᠠᠭᠤᠯᠭ᠎ᠠ ᠪᠠ ᠭᠡᠯᠪᠠᠷᠢ ᠶᠢᠨ ᠬᠠᠷᠢᠴᠠᠭ᠎ᠠ

ᠠᠭᠤᠯᠭ᠎ᠠ ᠨᠢ ᠭᠡᠯᠪᠠᠷᠢ ᠶᠢ ᠳᠤᠭᠳᠠᠭᠠᠵᠤ ᠭᠡᠯᠪᠠᠷᠢ ᠨᠢ ᠠᠭᠤᠯᠭ᠎ᠠ ᠳᠤ ᠪᠠᠨ ᠥᠢᠯᠡᠴᠢᠯᠡᠳᠡᠭ᠌᠃ ᠳᠤᠭᠠᠨ ᠤ ᠵᠢᠭᠠᠨ ᠰᠤᠷᠭᠠᠯᠳᠠ ᠶᠢᠨ ᠭᠡᠯᠪᠠᠷᠢ ᠣᠯᠠᠨ ᠶᠠᠩᠵᠤ ᠪᠠᠢ᠌ᠪᠠᠯ ᠵᠤᠭᠢᠨ᠎ᠠ᠃ ᠣᠯᠠᠨ ᠶᠠᠩᠵᠤ ᠶᠢᠨ ᠵᠢᠭᠠᠨ ᠰᠤᠷᠭᠠᠯᠳᠠ ᠶᠢᠨ ᠭᠡᠯᠪᠠᠷᠢ ᠨᠢ ᠶᠠᠷᠤ ᠡᠴᠡ ᠰᠤᠷᠤᠭᠴᠢᠳ ᠲᠤ ᠰᠢᠨ᠎ᠠ ᠰᠡᠪᠠᠭᠦᠨ ᠰᠠᠳᠠᠯᠳᠠ ᠥᠭ᠍ᠴᠤ ᠭᠢᠴᠢᠶᠠᠯ ᠤᠨ ᠴᠠᠭ ᠤᠨ ᠠᠭᠤᠷ ᠠᠮᠢᠰᠬᠤᠯ ᠢ ᠭᠦᠭ᠍ᠵᠢᠶᠡ᠊ᠨᠳᠡᠢ ᠪᠣᠯᠭᠠᠵᠤ᠂ ᠰᠤᠷᠤᠭᠴᠢᠳ ᠲᠤ ᠠᠪᠢᠶᠠᠰ ᠴᠢᠳᠠᠪᠣᠷᠢ ᠪᠠᠨ ᠪᠠᠳᠠᠷᠠᠭᠤᠯᠬᠤ ᠠᠰᠢᠭᠳᠠᠢ ᠨᠥᠭᠦᠴᠡᠯ ᠣᠯᠭᠤᠳᠠᠭ᠃ ᠡᠨᠡ ᠳᠠᠯ᠎ᠠ ᠪᠠᠷ ᠭᠢ ᠠᠮᠵᠢᠯᠳᠠᠳᠠᠢ ᠰᠥᠪᠠᠭ᠍ᠴᠢᠯᠡᠯ ᠣᠯᠠᠨ ᠪᠠᠢ᠌ᠳᠠᠭ᠃ ᠵᠢᠱᠢᠶᠠᠯᠠᠪᠠᠯ᠂ ᠳᠤᠭᠣᠢ᠌ᠯᠠᠩ ᠬᠤᠪᠢᠶᠠᠵᠤ ᠭᠢᠴᠢᠶᠠᠯ ᠪᠡᠯᠡᠳᠭᠡᠨ ᠬᠠᠷᠢᠯᠴᠠᠨ ᠠᠰᠠᠭᠤᠯᠳᠠ ᠳᠤᠷᠠᠳᠬᠤ ᠪᠠ ᠠᠰᠠᠭᠤᠳᠠᠯ ᠤᠨ ᠳᠤᠬᠠᠢ ᠳᠤᠭᠣᠢ᠌ᠯᠠᠩ ᠬᠤᠪᠢᠶᠠᠨ ᠮᠠᠷᠭᠤᠯᠳᠤᠵᠤ ᠦᠪᠡᠷ ᠤᠨ ᠦᠵᠡᠯᠳᠠ ᠪᠠᠨ ᠶᠠᠷᠢᠵᠤ ᠨᠤᠳᠠᠯᠠᠬᠤ ᠵᠡᠷᠭᠡ ᠭᠡᠯᠪᠠᠷᠢ ᠪᠠᠢ᠌ᠳᠠᠭ᠃ ᠭᠡᠯᠡᠯᠭᠡᠨ ᠦᠭᠡᠶ ᠡᠳᠡᠭᠡᠷ ᠶᠠᠪᠣᠴᠠ ᠳᠤ ᠪᠠᠭᠰᠢ ᠡᠴᠡ ᠵᠤᠬᠢᠶᠠᠨ ᠪᠠᠢ᠌ᠭᠤᠯᠵᠤ ᠰᠡᠩᠭᠡᠷᠡᠭᠦᠯᠵᠤ ᠵᠢᠯᠤᠭᠤᠤᠠᠬᠤ ᠣᠢ᠌ᠯᠠᠳᠤᠯ ᠶᠢᠡᠨ ᠠᠯᠳᠠᠵᠤ ᠪᠣᠯᠬᠤ ᠦᠭᠡᠶ᠂ ᠪᠠᠰᠠ ᠥᠭᠦᠮᠡᠯ ᠶᠢᠡᠷ ᠰᠢᠨ᠎ᠠ ᠭᠡᠯᠪᠠᠷᠢ ᠶᠢ ᠭᠦᠭᠡᠭᠡᠴᠡᠯᠳᠦᠭᠡᠳ ᠠᠭᠤᠯᠭ᠎ᠠ ᠡᠴᠡ ᠪᠠᠨ ᠰᠠᠯᠵᠤ ᠭᠢᠴᠢᠶᠡᠯᠯᠡᠭᠡ ᠶᠢᠨ ᠦᠷ᠎ᠡ ᠠᠰᠢᠭ ᠢ ᠨᠥᠯᠦᠭᠡᠯᠡᠵᠤ ᠪᠣᠯᠬᠤ ᠦᠭᠡᠶ᠃

    ᠲ᠋ᠠᠪᠣ ᠄ ᠭᠢᠴᠢᠶᠡᠯᠯᠡᠭᠡ ᠪᠠ ᠭᠢᠴᠢᠶᠠᠯ ᠤᠨ ᠭᠠᠳᠠᠨᠠᠭᠢ ᠶᠢᠨ ᠬᠠᠷᠢᠴᠠᠭ᠎ᠠ

ᠵᠢᠭᠠᠨ ᠰᠤᠷᠭᠠᠯᠳᠠ ᠳᠤ ᠰᠢᠨ᠎ᠠ ᠶᠢ ᠡᠭᠦᠳᠭᠦ ᠳᠤ ᠭᠢᠴᠢᠶᠡᠯᠯᠡᠭᠡ ᠶᠢ ᠴᠢᠬᠤᠯᠠᠴᠢᠯᠠᠬᠤ ᠪᠠᠷ ᠪᠠᠷᠠᠬᠤ ᠦᠭᠡᠶ ᠭᠢᠴᠢᠶᠠᠯ ᠤᠨ ᠭᠠᠳᠠᠨᠠᠭᠢ ᠶᠢ ᠭᠦᠢᠴᠡᠳ ᠠᠰᠢᠭᠯᠠᠵᠤ ᠭᠢᠴᠢᠶᠡᠯᠯᠡᠭᠡ ᠪᠠ ᠭᠢᠴᠢᠶᠠᠯ ᠤᠨ ᠭᠠᠳᠠᠨᠠᠭᠢ ᠶᠢ ᠣᠷᠭᠠᠨᠢᠭ ᠶᠢᠡᠷ ᠨᠢᠭᠡᠳᠭᠡᠵᠤ ᠬᠠᠮᠵᠢᠯᠴᠠᠬᠤ ᠭᠦᠢᠴᠡᠳ ᠪᠣᠯᠭᠠᠮᠠᠠᠵᠢᠨ ᠰᠠ‍‌ᠶᠢ ᠰᠤᠷᠤᠭᠴᠢ ᠶᠢᠨ ᠰᠡᠳᠭᠢᠭᠦᠢ ᠶᠢ ᠠᠭᠢᠭᠤᠯᠵᠤ ᠰᠢᠨ᠎ᠠ ᠶᠢ ᠡᠭᠦᠳᠭᠦ ᠴᠢᠳᠠᠪᠣᠷᠢ ᠶᠢ ᠭᠦᠭ᠍ᠵᠢᠭᠦᠯᠵᠤ ᠴᠢᠳᠠᠨ᠎ᠠ᠃ ᠭᠢᠴᠢᠶᠠᠯ ᠤᠨ ᠭᠠᠳᠠᠨᠠᠭᠢ ᠠᠵᠢᠯᠯᠠᠭᠠᠨ ᠳᠠᠷᠤᠢ ᠬᠤᠶᠠᠳᠠᠭᠢ ᠭᠢᠴᠢᠶᠠᠯ ᠤᠨ ᠳᠠᠩᠭᠢᠮ ᠤᠨ ᠠᠵᠢᠯᠯᠠᠭ᠎ᠠ ᠠᠨᠠᠢ ᠰᠠᠤᠷᠤᠭᠴᠢᠳ ᠤᠨ ᠣᠷᠮ᠎ᠠ ᠢᠳᠠᠪᠭᠢᠵᠢᠯ ᠢ ᠳᠠᠢ᠌ᠴᠢᠯᠠᠵᠤ᠂ ᠭᠢᠴᠢᠶᠡᠯᠯᠡᠭᠡ ᠳᠤ ᠰᠤᠷᠤᠭᠰᠠᠨ ᠮᠡᠳᠡᠯᠭᠡ ᠶᠢ ᠪᠠᠳᠤᠤᠠᠬᠠᠵᠤ ᠪᠣᠯᠬᠤ ᠮᠦᠷᠳᠡᠭᠡᠨ ᠰᠤᠷᠤᠭᠰᠠᠨ ᠮᠡᠳᠡᠯᠭᠡ ᠪᠠᠨ ᠭᠡᠷᠡᠭᠯᠡᠵᠤ ᠵᠠᠷᠢᠮ ᠠᠰᠠᠭᠤᠳᠠᠯ ᠳᠤ ᠦᠪᠡᠷ ᠤᠨ ᠦᠪᠡᠷᠮᠢᠴᠠ ᠵᠤᠷᠢᠯᠳᠠ ᠪᠠᠨ ᠳᠤᠷᠠᠳᠬᠤ ᠵᠡᠷᠭᠡ ᠪᠠᠷ ᠳᠠᠮᠵᠢᠭᠤᠯᠤᠨ ᠰᠢᠨ᠎ᠠ ᠶᠢ ᠡᠭᠦᠳᠭᠦ ᠠᠪᠢᠶᠠᠰ ᠴᠢᠳᠠᠪᠣᠷᠢ ᠶᠢ ᠨᠢ ᠭᠦᠮᠦᠵᠢᠭᠦᠯᠵᠤ ᠪᠣᠯᠬᠤ ᠶᠤᠮ᠂ ᠳᠤᠭᠠᠨ ᠤ ᠮᠡᠳᠡᠯᠭᠡ ᠶᠢᠨ ᠣᠶᠤᠨ ᠤ ᠮᠦᠷᠥᠢᠴᠡᠭᠡᠨ ᠶᠠᠪᠣᠭᠤᠯᠬᠤ᠂ ᠵᠠᠷᠢᠮ ᠮᠡᠳᠡᠯᠭᠡ ᠶᠢᠨ ᠭᠦᠷᠢᠶ᠎ᠡ ᠭᠡᠪᠴᠢᠶᠡᠨ ᠳᠤ ᠮᠠᠷᠭᠤᠭᠠᠨ ᠲᠡᠶ ᠭᠡᠷᠡᠭ᠌ ᠣᠴᠢᠷ ᠤᠨ ᠳᠤᠬᠠᠢ ᠵᠢᠵᠢᠭ᠌ ᠥᠭᠦᠯᠡᠯ ᠪᠢᠴᠢᠭᠦ ᠮᠦᠷᠥᠢᠴᠡᠭᠡᠨ ᠶᠠᠪᠣᠭᠤᠯᠬᠤ ᠪᠣᠶᠤ ᠮᠠᠷᠭᠤᠭᠠᠨ ᠲᠡᠶ ᠭᠡᠷᠡᠭ᠌ ᠣᠴᠢᠷ ᠤᠨ ᠳᠤᠬᠠᠢ ᠵᠢᠵᠢᠭ᠌ ᠥᠭᠦᠯᠡᠯ ᠪᠢᠴᠢᠭᠦ ᠵᠡᠷᠭᠡ ᠨᠢ ᠴᠦᠮ ᠭᠢᠴᠢᠶᠡᠯᠯᠡᠭᠡ ᠶᠢᠨ ᠦᠷᠭᠦᠯᠵᠢᠯᠡᠯ ᠪᠠ ᠭᠦᠡᠵᠡᠭᠡᠢ᠌ᠷᠡᠯ ᠮᠦᠨ᠃

ᠡᠳᠡᠭᠡᠷ ᠬᠠᠷᠢᠴᠠᠭ᠎ᠠ ᠶᠢ ᠵᠦᠪ ᠰᠢ᠌ᠤᠠᠪᠣᠷᠢᠯᠠᠪᠠᠯ ᠭᠢᠴᠢᠶᠡᠯᠯᠡᠭᠡ ᠶᠢᠨ ᠰᠢᠨ᠎ᠠ ᠶᠢ ᠡᠭᠦᠳᠭᠦ ᠭᠤᠤᠯ ᠳᠠᠯᠠᠪᠣᠷ ᠤᠨ ᠣᠢ᠌ᠯᠠᠳᠤᠯ ᠢ ᠳᠤᠪᠣᠢ᠌ᠯᠭᠠᠵᠤ ᠪᠠᠳᠠᠷᠠᠭᠤᠯᠬᠤ ᠳᠤ ᠠᠰᠢᠭᠳᠠᠢ ᠶᠤᠮ᠃


ᠵᠤᠬᠢᠶᠠᠭᠴᠢ ᠶᠢᠨ ᠬᠠ‍‌ᠶ‍ᠢᠭ ᠄ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠪᠠᠢ᠌ᠰᠢᠩᠳᠤ ᠰᠤᠷᠭᠠᠭᠤᠯᠢ

ᠵᠤᠬᠢᠶᠠᠭᠴᠢ᠄ ᠪᠣᠤ ᠼᠦᠢ᠌ ᠶ‍ᠢᠩ
ᠢᠷᠡᠯᠲᠡ᠄ ᠢᠷᠡᠭᠦᠯᠦᠭᠰᠡᠨ ᠡᠬᠡ ᠪᠢᠴᠢᠭ᠌
ᠬᠠᠷᠢᠶ᠎ᠠ᠄ ᠪᠠᠭᠰᠢ ᠶᠢᠨ ᠬᠠᠨᠢ
ᠳᠠᠷᠤᠮ᠄ 3397
ᠴᠠᠭ᠄ 2010 ᠤᠨ ᠤ 10 ᠰᠠᠷ᠎ᠠ ᠶᠢᠨ 20
ᠨᠠᠢ᠌ᠷᠠᠭᠤᠯᠤᠭᠴᠢ᠄ ᠪᠦᠬᠡᠡᠷᠳᠡᠨᠢ
ᠰᠡᠳᠬᠢᠭᠳᠡᠯ ᠴᠣᠭᠯᠠᠭᠤᠯᠤᠯᠭ᠎ᠠ ᠤᠷᠮᠠᠰᠢᠭᠤᠯᠤᠯ ᠠᠯᠳᠠᠭ᠎ᠠ ᠲᠠᠢ
ᠨᠡᠪᠲᠡᠷᠡᠨ ᠤᠷᠤᠬᠤ